ᠠᠤᠬᠠᠨ ᠬᠤᠰᠢᠭᠤ 2024 ᠣᠨ ᠤ ᠨᠢᠭᠡᠳᠦᠭᠡᠷ ᠤᠯᠠᠷᠢᠯ ᠳᠤ ︽  ᠪᠦᠬᠦᠨ ᠲᠣᠬᠢᠷᠠᠬᠤ ᠺᠠᠷᠲ︾ ᠢᠶᠠᠷ ᠠᠷᠠᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ 10416.71 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/4/3
     2024 ᠣᠨ ᠳᠤ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ 10416.71 ᠲᠦᠮᠡᠨ ᠲᠥᠭᠦᠷᠢᠭ ᠲᠠᠷᠬᠠᠭᠠᠵᠤ᠂ 8 ᠬᠦᠷᠢᠶᠡᠨ ᠤ 29 ᠲᠥᠷᠥᠯ ᠤᠨ 35 ᠵᠦᠢᠯ ᠳᠤ ᠬᠤᠯᠪᠣᠭᠳᠠᠭᠤᠯᠤᠨ᠂ 34.75 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ︽ᠪᠦᠬᠦᠨ ᠳᠤ ᠲᠣᠬᠢᠷᠠᠬᠤ ᠺᠠᠷᠲ︾ ᠤᠨ ᠨᠥᠬᠦᠪᠥᠷᠢ ᠮᠥᠩᠭᠦ ᠶᠢ ᠭᠤᠤᠯᠳᠠᠭᠤ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ ᠤᠨ ᠨᠥᠬᠦᠪᠥᠷᠢ᠂ ᠲᠠᠷᠢᠶᠠᠯᠠᠩ ᠵᠡᠷᠭᠡ ᠬᠦᠷᠢᠶᠡᠨ ᠳᠤ ᠲᠥᠪᠯᠡᠷᠡᠭᠦᠯᠪᠡ᠂ ᠡᠭᠦᠨ ᠳᠤ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ 6430.13 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠥᠷᠢ ᠪᠠᠯᠠ ᠮᠥᠩᠭᠦ 1769.65 ᠲᠦᠮᠡᠨ ᠲᠥᠭᠦᠷᠢᠭ᠂ ᠲᠠᠷᠢᠶᠠᠯᠠᠩ ᠤᠨ ᠲᠥᠷᠥᠯ ᠤᠨ ᠨᠥᠬᠦᠪᠥᠷᠢ 1255.63 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ 483.49 ᠲᠦᠮᠡᠨ ᠲᠥᠭᠦᠷᠢᠭ᠂ ᠣᠶ ᠰᠢᠭᠤᠶ ᠶᠢᠨ ᠲᠥᠷᠥᠯ ᠤᠨ ᠨᠥᠬᠦᠪᠥᠷᠢ 408.08 ᠲᠦᠮᠡᠨ ᠲᠥᠭᠦᠷᠢᠭ ᠲᠠᠷᠬᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号