ᠸᠠᠩ ᠳ᠋ᠠ ᠴᠢᠩ ᠨᠠᠷ ᠮᠠᠨ ᠤ ᠬᠤᠰᠢᠭᠤᠨ ᠳᠤ ᠢᠷᠡᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/3
     C:\Users\Administrator\Desktop\1.jpg   
    3 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠪᠡᠭᠡᠵᠢᠩ ᠤᠨ ᠮᠢᠩ ᠶᠤᠸᠠᠢ  ᠵᠢᠭᠤᠯᠴᠢᠯᠠᠯ  ᠤᠨ ᠨᠡᠭᠡᠭᠡᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠳ᠋ᠠ ᠴᠢᠩ᠂ ᠶᠡᠷᠦᠩᠬᠡᠢ ᠳᠠᠭᠠᠭᠠᠮᠠᠯ ᠵᠧᠦ ᠸᠧᠨ ᠴᠤᠤ ᠨᠠᠷ ᠠᠤᠬᠠᠨ ᠬᠤᠰᠢᠭᠤᠨ ᠳᠤ ᠢᠷᠡᠵᠦ ᠰᠣᠶᠣᠯ  ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠢᠨᠵᠢᠯᠡᠨ ᠪᠠᠶᠢᠴᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠶᠠᠷᠢᠯᠴᠠᠬᠤ ᠬᠤᠷᠠᠯ ᠳᠤ ᠣᠷᠣᠯᠴᠠᠪᠠ᠃    ᠸᠠᠩ ᠳ᠋ᠠ ᠴᠢᠩ ᠨᠠᠷ ᠤᠷᠢᠳ ᠬᠤᠵᠢᠳ ᠶᠢᠨ ᠴᠠᠩ ᠭᠸᠤ ᠯᠢᠶᠠᠩ ᠪᠠᠯᠭᠠᠰᠤᠨ ᠤ ᠵᠠᠩ  ᠯᠢᠦᠢ ᠴᠢᠶᠠᠨ ᠤ ᠬᠠᠭᠤᠴᠢᠨ ᠪᠠᠭᠤᠷᠢ᠂ ᠨᠠᠷᠢᠳ ᠤᠨ ᠭᠤᠣᠯ ᠤᠨ ᠡᠬᠢ ᠶᠢᠨ ᠥᠪᠡᠷᠰᠦᠪᠡᠨ ᠵᠢᠯᠤᠭᠤᠳᠬᠤ ᠪᠠᠭᠤᠴᠠ᠂ ᠰᠧ ᠵᠢᠶᠠ ᠽᠢ ᠪᠠᠯᠭᠠᠰᠤᠨ ᠤ ᠬᠠᠯᠠᠭᠤᠨ ᠷᠠᠰᠢᠶᠠᠨ ᠤ ᠬᠤᠳᠠ᠂ ᠰᠢᠨ ᠾᠦᠢ ᠪᠠᠯᠭᠠᠰᠤ ᠶᠢᠨ ᠵᠠᠰᠠᠷᠠᠬᠤ ᠶᠢᠨ ᠠᠶᠢᠯ ᠲᠣᠰᠬᠤᠨ ᠤ ᠾᠦᠢ ᠯᠦᠩ ᠬᠤᠯᠢᠮᠠᠭ ᠠᠮᠤ ᠲᠠᠷᠢᠬᠤ ᠲᠠᠷᠢᠶᠠᠴᠢᠨ ᠤ ᠲᠤᠰᠬᠠᠢ ᠬᠤᠷᠰᠢᠶ᠎ᠠ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠰᠢᠩ ᠳ᠋ᠧᠦ ᠲᠤᠰᠤᠨ ᠤ ᠪᠦᠯᠦᠭᠯᠡᠯ᠂ ᠰᠢᠨ  ᠾᠦᠢ ᠪᠠᠯᠭᠠᠰᠤ ᠶᠢᠨ ᠯᠢᠦᠢ ᠶᠤᠸᠠᠨ ᠠᠮᠢ ᠠᠬᠤᠢ ᠶᠢᠨ ᠵᠢᠭᠤᠯᠴᠢᠯᠠᠯ ᠤᠨ ᠬᠦᠷᠢᠶᠡᠯᠡᠩ᠂ ᠹᠧᠩ ᠱᠸᠦ ᠰᠢᠶᠠᠩ ᠤᠨ ᠰᠦᠩ ᠵᠠᠩ ᠽᠢ ᠬᠠᠭᠤᠴᠢᠨ ᠲᠣᠰᠬᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠬᠠᠮᠢᠶ᠎ᠠ ᠪᠥᠬᠦᠶ ᠬᠠᠷᠢᠭᠤᠴᠠᠯᠭᠠᠲᠠᠨ ᠤ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠤᠨᠴᠠᠯᠢᠬᠳᠤ ᠠᠵᠤ ᠦᠢᠯᠡᠰ ᠤᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠲᠥᠷᠥᠯ  ᠵᠦᠢᠯ ᠤᠨ ᠡᠵᠡᠩᠨᠡᠯᠲᠡ ᠶᠢᠨ ᠣᠳᠣᠬᠢ ᠪᠠᠶᠢᠳᠠᠯ ᠢ ᠪᠠᠶᠢᠴᠠᠭᠠᠨ ᠦᠵᠡᠵᠦ᠂ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠰᠣᠳᠣᠨ ᠰᠣᠶᠣᠯ ᠵᠢᠭᠤᠯᠴᠢᠯᠠᠯ ᠤᠨ ᠵᠠᠮ ᠱᠤᠭᠤᠮ ᠢ ᠡᠭᠦᠳᠦᠨ ᠪᠠᠶᠢᠭᠤᠯᠬᠤ᠂ ᠢᠵᠢ ᠪᠥᠷᠢᠳᠦᠭᠦᠯᠬᠦ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠤᠬᠠᠨ ᠬᠤᠰᠢᠭᠤᠨ ᠤ ᠣᠲᠣ ᠶᠢᠨ ᠪᠠᠶᠢᠭ᠎ᠠ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠨᠡᠭᠡᠭᠡᠨ ᠠᠰᠢᠭᠯᠠᠬᠤ ᠪᠠᠷ ᠪᠠᠶᠢᠭ᠎ᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠵᠡᠷᠭᠡ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠤᠨ ᠲᠤᠰᠬᠠᠶ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠸᠠᠩ ᠳ᠋ᠠ ᠴᠢᠩ ᠮᠢᠩ ᠶᠤᠸᠠᠢ ᠪᠦᠯᠦᠭᠯᠡᠯ ᠤᠨ ᠦᠨᠳᠦᠰᠦᠨ ᠪᠠᠶᠢᠳᠠᠯ᠂ ᠡᠵᠡᠩᠨᠡᠯᠲᠡ ᠶᠢᠨ ᠵᠠᠭᠪᠤᠷ ᠢ ᠲᠣᠪᠴᠢ ᠲᠠᠨᠢᠯᠴᠠᠭᠤᠯᠪᠠ︔ ᠵᠠᠩ ᠶᠦᠩ ᠹᠦ᠋ ᠠᠤᠬᠠᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠳ᠋ᠦᠩᠨᠡᠪᠡ︔ ᠬᠤᠶᠠᠷ ᠲᠠᠯ᠎ᠠ ᠪᠠᠷ ᠢᠶᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠤᠶᠠᠯᠳᠤᠯ ᠤᠨ ᠴᠡᠭ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃
C:\Users\Administrator\Desktop\2.jpg
    ᠸᠠᠩ ᠳ᠋ᠠ ᠴᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠠᠬᠤᠢ ᠪᠠᠶᠢᠳᠠᠯ ᠳᠣᠣᠷ᠎ᠠ᠂ ᠮᠢᠩ ᠶᠤᠸᠠᠢ ᠪᠦᠯᠦᠭᠯᠡᠯ ᠠᠤᠬᠠᠨ ᠬᠤᠰᠢᠭᠤ ᠲᠠᠢ ᠭᠦᠨᠵᠡᠭᠡᠢ ᠬᠠᠮᠲᠤᠷᠠᠯᠴᠠᠵᠤ᠂ ᠠᠤᠬᠠᠨ ᠬᠤᠰᠢᠭᠤᠨ ᠤ ᠤᠳᠤ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠰᠠᠭᠤᠷᠢ ᠪᠣᠯᠭᠠᠵᠤ᠂ ᠣᠷᠣᠨ ᠪᠦᠰᠡ ᠶᠢᠨ ᠳᠣᠲᠣᠷᠠᠬᠢ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠵᠤᠭᠠᠴᠠᠨ ᠰᠠᠭᠤᠬᠤ᠂ ᠲᠣᠭᠤᠷᠢᠨ ᠦᠵᠡᠬᠦ᠂ ᠠᠮᠲᠠᠲᠤ ᠢᠳᠡᠭᠡᠨ ᠵᠡᠷᠭᠡ ᠤᠯᠠᠨ ᠵᠦᠢᠯ ᠤᠨ ᠣᠨᠴᠠᠯᠢᠭ ᠢ ᠨᠢᠭᠡ ᠴᠤᠭᠴᠠᠵᠢᠭᠤᠯᠤᠭᠰᠠᠨ᠂ ᠬᠤᠯᠪᠣᠭᠳᠠᠯ ᠪᠦᠬᠦᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠬᠠᠮᠵᠢᠯᠴᠠᠨ ᠬᠥᠭᠵᠢᠭᠰᠡᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠸᠠᠩ ᠶᠦᠩ ᠵᠢᠶᠦ᠋ᠨ ᠂ ᠠᠤᠬᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠰᠣᠶᠣᠯ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠤᠬᠠᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠨ᠂ ᠮᠢᠩ ᠶᠤᠸᠠᠢ ᠪᠦᠯᠦᠭᠯᠡᠯ ᠲᠠᠢ ᠬᠠᠷᠢᠯᠴᠠᠨ ᠲᠣᠯᠢᠯᠠᠵᠤ᠂ ᠨᠠᠩ ᠣᠯᠠᠨ ᠲᠠᠯ᠎ᠠ ᠪᠠᠷ᠂ ᠨᠠᠩ ᠣᠯᠠᠨ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠠᠤᠬᠠᠨ ᠤ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ  ᠭᠡᠵᠦ ᠢᠯᠡᠳᠬᠡᠪᠡ᠃    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠨᠠᠷᠢᠮᠤ ᠶᠢᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
C:\Users\Administrator\Desktop\3.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号