ᠠᠣᠬᠠᠨ ᠬᠤᠰᠢᠭᠤᠨ ᠤ ᠰᠠᠯᠪᠤᠷᠢ ᠰᠢᠶᠠᠩ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/30
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ ᠡᠮᠬᠢ ᠵᠢᠷᠤᠮ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠰᠠᠯᠪᠤᠷᠢ ᠰᠢᠶᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃        ︽ᠤᠬᠠᠭᠤᠯᠭ᠎ᠠ ᠬᠥᠮᠦᠵᠢᠯ ᠤᠨ ᠬᠢᠴᠢᠶᠡᠯ︾ ᠢ ᠰᠠᠶᠢᠲᠤᠷ  ᠬᠢᠪᠡ᠃ ᠡᠯ᠎ᠡ ᠲᠥᠷᠥᠯ ᠤᠨ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠬᠦ᠂ ᠭᠤᠤᠯ ᠰᠡᠳᠦᠪᠲᠦ ᠬᠥᠮᠦᠵᠢᠯ ᠤᠨ ᠬᠢᠴᠢᠶᠡᠯ ᠵᠡᠷᠭᠡ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠲᠤ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ ᠬᠠᠤᠯᠢ ᠴᠠᠭᠠᠵᠠ ᠶᠢᠨ ᠮᠡᠳᠡᠯᠭᠡ ᠪᠣᠯᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢᠨ ᠬᠥᠮᠦᠵᠢᠯ ᠬᠢᠵᠦ᠂ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠬᠥᠮᠦᠵᠢᠭᠦᠯᠦᠨ᠎ᠡ᠃ ᠡᠭᠦᠨ ᠤ ᠬᠠᠮᠲᠤ᠂ ᠠᠮᠤᠷ ᠲᠦᠪᠰᠢᠨ ᠤ ᠮᠡᠳᠡᠯᠭᠡ ᠶᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠵᠤ᠂ ᠰᠤᠷᠤᠭᠴᠢᠳ ᠤᠨ ᠡᠳᠦᠷ ᠲᠤᠲᠤᠮ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃        ︽  ᠰᠤᠷᠤᠯᠭ᠎ᠠ ᠶᠢ ᠬᠠᠮᠠᠭᠠᠯᠠᠬᠤ ᠬᠠᠮᠲᠤᠷᠠᠭᠰᠠᠨ ᠠᠵᠢᠯ ᠤᠨ ᠪᠠᠶᠢᠷᠢ︾ ᠶᠢ ᠰᠠᠶᠢᠲᠤᠷ ᠬᠢᠪᠡ᠃ ᠲᠣᠮᠢᠯᠠᠭᠰᠠᠨ ᠰᠠᠯᠪᠤᠷᠢ᠂ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠩᠭᠢ ᠪᠠᠷ ᠭᠤᠣᠯ ᠪᠣᠯᠭᠠᠭᠰᠠᠨ ᠬᠠᠮᠲᠤᠷᠠᠭᠰᠠᠨ ᠰᠤᠷᠤᠭᠴᠢᠳ ᠢ ᠬᠠᠮᠠᠭᠠᠯᠠᠬᠤ ᠠᠵᠢᠯ ᠤᠨ ᠪᠠᠶᠢᠷᠢ ᠶᠢᠨ ᠡᠩᠨᠡᠭᠡ ᠶᠢ ᠪᠠᠶᠢᠭᠤᠯᠵᠤ᠂ ᠵᠢᠵᠢᠭᠦᠷᠯᠡᠨ ᠲᠣᠭᠤᠷᠢᠨ ᠴᠠᠭᠳᠠᠬᠤ᠂ ᠲᠡᠷᠭᠡ ᠪᠠᠷ ᠲᠣᠭᠤᠷᠢᠨ ᠴᠠᠭᠳᠠᠬᠤ ᠠᠷᠭ᠎ᠠ ᠬᠡᠯᠪᠡᠷᠢ ᠶᠢ ᠠᠪᠴᠤ᠂ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠪᠠᠭᠰᠢ ᠰᠤᠷᠤᠭᠴᠢ ᠪᠠ ᠭᠡᠷ ᠤᠨ ᠠᠬᠠᠮᠠᠳ ᠤᠨ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠤᠷᠤᠭᠴᠢᠳ ᠪᠣᠯᠤᠨ ᠭᠡᠷ ᠤᠨ ᠠᠬᠠᠮᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠤᠯᠠᠨ ᠢ ᠢᠳᠬᠠᠵᠤ ᠪᠠᠶᠢᠭᠠᠳ ᠳᠤᠭᠤᠶ ᠤᠨᠤᠬᠤ ᠶᠢ ᠵᠢᠷᠤᠮᠵᠢᠭᠤᠯᠤᠨ᠂ ᠲᠡᠷᠭᠡ ᠬᠥᠰᠬᠡ ᠶᠢ ᠡᠮᠬᠢ ᠵᠢᠷᠤᠮ ᠲᠠᠢ ᠪᠠᠷ ᠵᠣᠭᠰᠣᠭᠠᠵᠤ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠲᠠᠢ ᠪᠣᠯᠭᠠᠵᠤ᠂ ᠰᠣᠷᠣᠭᠴᠢ ᠵᠢᠴᠢ ᠬᠡᠷ ᠤᠨ ᠠᠬᠠᠮᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠦᠵᠡᠯ ᠤᠬᠠᠮᠰᠠᠷ ᠪᠣᠯᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃        ︽ᠠᠮᠤᠷ ᠲᠦᠪᠰᠢᠨ ᠤ ᠬᠠᠮᠠᠭᠠᠯᠠᠯᠲᠠ ᠶᠢᠨ  ᠲᠣᠣᠷᠵᠢᠯ︾ ᠢ ᠰᠠᠶᠢᠲᠤᠷ ᠬᠢᠪᠡ᠃ ᠰᠢᠶᠠᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ᠂ ᠠᠮᠤᠷ ᠲᠦᠪᠰᠢᠨ ᠤ ᠠᠯᠪᠠᠨ ᠭᠡᠷ᠂ ᠲᠣᠮᠢᠯᠠᠭᠰᠠᠨ ᠰᠠᠯᠪᠤᠷᠢ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠨᠢᠭᠡᠴᠡ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠰᠤᠷᠭᠠᠭᠤᠯᠢ ᠶᠢᠨ ᠭᠠᠯ ᠤᠨᠲᠠᠷᠠᠭᠠᠬᠤ ᠨᠡᠪᠲᠡᠷᠡᠬᠦ ᠵᠠᠮ᠂ ᠭᠠᠯ ᠤᠨᠲᠠᠷᠠᠭᠠᠬᠤ ᠲᠥᠬᠦᠭᠡᠷᠦᠮᠵᠢ᠂ ᠬᠤᠭᠤᠯᠠᠨ ᠭᠡᠷ ᠤᠨ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠪᠠᠶᠢᠷᠢ ᠵᠡᠷᠭᠡ ᠳᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠭᠡᠮ ᠳᠤ ᠡᠬᠡ ᠳᠠᠩᠰᠠ ᠪᠠᠶᠢᠭᠤᠯᠵᠤ ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠢᠳᠡᠪᠬᠢᠲᠡᠶ ᠥᠷᠨᠢᠭᠦᠯᠵᠦ᠂ ᠰᠣᠷᠢᠯᠲᠠ ᠶᠢᠨ ᠲᠥᠯᠥᠪᠯᠡᠭᠡ ᠲᠣᠭᠲᠠᠭᠠᠨ᠂ ᠰᠣᠷᠢᠯᠲᠠ ᠶᠢᠨ ᠲᠥᠰᠦᠯ ᠢᠶᠠᠨ ᠨᠠᠷᠢᠯᠢᠬᠵᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠠᠶᠤᠯ ᠠᠴᠠ ᠵᠠᠶᠢᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠦᠷᠢᠶᠡᠰᠦᠨ ᠬᠡᠷ᠂ ᠲᠣᠭᠯᠠᠭᠠᠮ ᠤᠨ ᠲᠢᠩᠬᠢᠮ᠂ ᠢᠳᠡᠭᠡᠨ ᠤ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠴᠡᠪᠡᠷᠰᠢᠭᠦᠯᠪᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号