ᠸᠠᠩ ᠶᠦᠩ ᠵᠢᠶᠦ᠋ᠨ ᠠᠩᠭᠢ ᠳᠠᠭᠠᠭᠤᠯᠤᠨ ᠣᠶ ᠰᠢᠭᠤᠶ ᠪᠠ ᠨᠤᠲᠤᠭ ᠪᠡᠯᠴᠢᠭᠡᠷ ᠤᠨ  ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/4/7
C:\Users\Administrator\Desktop\10.jpg
    4 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠲᠥᠪ ᠲᠤ ᠬᠦᠷᠴᠦ᠂ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠠᠩᠭᠢ ᠳᠠᠭᠠᠭᠤᠯᠤᠨ ᠬᠢᠨᠠᠨ ᠵᠢᠯᠣᠭᠤᠳᠪᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ ᠬᠢᠨᠠᠨ ᠵᠢᠯᠣᠭᠤᠳᠪᠠ᠃    ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠲᠥᠪ ᠲᠤ᠂ ᠸᠠᠩ ᠶᠦᠩ ᠵᠢᠶᠦ᠋ᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠡᠯ᠎ᠡ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠡᠯ᠎ᠡ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠣᠶ ᠰᠢᠭᠤᠶ ᠶᠢᠨ ᠳᠦᠷᠰᠦ ᠶᠢᠨ ᠵᠢᠷᠤᠭ ᠪᠣᠯᠤᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠪᠠᠶᠢᠷᠢᠰᠢᠯ ᠤᠨ ᠵᠢᠷᠤᠭ ᠢ ᠦᠵᠡᠭᠰᠡᠨ ᠪᠥᠭᠡᠳ ᠤᠶᠤᠨᠲᠤ ᠣᠶ ᠰᠢᠭᠤᠶ ᠶᠢᠨ ᠳᠠᠷᠤᠭ᠎ᠠ ᠶᠢᠨ ᠶᠡᠷᠦᠩᠬᠡᠶᠢᠯᠡᠭᠰᠡᠨ ᠵᠢᠯᠣᠭᠤᠳᠬᠤ ᠲᠠᠪᠴᠠᠩ ᠢᠶᠠᠷ ᠳᠠᠮᠵᠢᠭᠤᠯᠤᠨ᠂ ᠡᠯ᠎ᠡ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠭᠠᠯ ᠰᠡᠷᠭᠡᠶᠢᠯᠡᠬᠦ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠴᠡᠭ ᠤᠨ ᠴᠠᠭ ᠲᠤᠬᠠᠶ ᠳᠤᠨᠢ ᠳᠠᠮᠵᠢᠭᠤᠯᠤᠭᠰᠠᠨ ᠵᠢᠷᠤᠭ ᠢ ᠲᠣᠭᠤᠷᠢᠨ ᠦᠵᠡᠵᠡᠦ ᠪᠠᠶᠢᠴᠠᠭᠠᠪᠠ᠃    ᠸᠠᠩ ᠶᠦᠩ ᠵᠢᠶᠦ᠋ᠨ᠂ ᠬᠠᠩᠰᠢ ᠶᠢᠨ ᠬᠤᠭᠤᠴᠠᠭᠠᠨ ᠳᠤ ᠳᠠᠬᠢᠯᠭ᠎ᠠ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂  ᠬᠡᠭᠡᠷᠡᠯᠡᠨ ᠵᠤᠭᠠᠴᠠᠬᠤ ᠵᠡᠷᠭᠡ ᠬᠡᠭᠡᠷ᠎ᠡ ᠶᠢᠨ ᠠᠵᠢᠯᠯᠠᠭ᠎ᠠ ᠶᠡᠭᠡ ᠪᠠᠷ ᠨᠡᠮᠡᠭᠳᠡᠵᠦ᠂ ᠭᠠᠯ ᠤᠨ ᠭᠠᠮᠰᠢᠭ ᠤᠨ ᠳᠠᠯᠳᠠ ᠠᠶᠤᠯ ᠲᠦᠭᠰᠢᠭᠦᠷᠢ ᠨᠡᠮᠡᠭᠳᠡᠵᠦ ᠪᠠᠶᠢᠭ᠎ᠠ ᠪᠣᠯᠬᠤᠷ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠢ ᠰᠡᠷᠭᠡᠭ ᠢᠶᠠᠷ ᠲᠠᠨᠢᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠡᠷᠡᠰ ᠢᠶᠠᠷ ᠬᠦᠴᠦᠲᠡᠶ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠨ ᠭᠠᠷᠭᠠᠪᠠ᠃    ᠸᠠᠩ ᠶᠦᠩ ᠵᠢᠶᠦ᠋ᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ︽ᠲᠣᠤᠷᠵᠢᠭᠤᠯᠤᠭᠰᠠᠨ ᠬᠠᠮᠢᠶᠠᠷᠤᠯᠲᠠ︾ ᠶᠢ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠬᠡᠰᠡᠭ ᠳᠠᠭᠠᠭᠠᠴᠢᠯᠠᠭᠰᠠᠨ  ᠲᠣᠣᠷᠵᠢᠯ ᠤᠨ ᠪᠦᠷᠢᠯᠳᠦᠬᠦᠨ ᠳᠤ ᠬᠥᠮᠦᠨ ᠲᠣᠭᠲᠠᠭᠠᠨ ᠠᠵᠢᠯ ᠤᠨ ᠪᠠᠶᠢᠷᠢ ᠲᠣᠭᠲᠠᠭᠠᠨ ᠬᠠᠷᠢᠭᠤᠴᠠᠯᠭ᠎ᠠ ᠲᠣᠭᠲᠠᠭᠠᠵᠤ᠂ 24 ᠴᠠᠭ ᠲᠤ ᠵᠢᠵᠢᠭᠦᠷᠯᠡᠨ ᠰᠠᠬᠢᠬᠤ ᠶᠢ ᠦᠨᠡᠨ ᠬᠦ ᠪᠠᠲᠤᠯᠠᠵᠤ᠂ ᠡᠯ᠎ᠡ ᠪᠠᠶᠢᠴᠠᠭᠠᠬᠤ ᠥᠷᠲᠡᠭᠡ ᠴᠡᠭ ᠤᠨ ᠣᠶ ᠬᠠᠮᠠᠭᠠᠯᠠᠭᠴᠢ ᠴᠠᠭ ᠲᠠᠭᠠᠨ ᠠᠵᠢᠯ ᠤᠨ ᠪᠠᠶᠢᠷᠢ ᠳᠤ ᠬᠦᠷᠴᠦ ᠵᠢᠵᠢᠭᠦᠷᠯᠡᠨ ᠰᠠᠬᠢᠵᠤ᠂ ᠠᠭᠤᠯᠠᠨ ᠳᠤ ᠭᠠᠷᠬᠤ ᠬᠥᠮᠦᠰ ᠪᠠ ᠲᠡᠷᠭᠡ ᠬᠥᠰᠬᠡ ᠶᠢᠨ ᠳᠡᠩᠰᠡᠯᠡᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠭᠠᠯ ᠤᠨ ᠲᠥᠷᠥᠯ ᠤᠨ ᠠᠭᠤᠯᠠᠨ ᠳᠤ ᠣᠷᠣᠵᠤ ᠣᠶ ᠰᠢᠭᠤᠶ ᠳᠤ ᠣᠷᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠭᠤᠷ ᠠᠮᠢᠰᠬᠤᠯ ᠢ ᠪᠣᠶ ᠪᠣᠯᠭᠠᠵᠤ᠂ ᠬᠥᠮᠦᠨ ᠪᠣᠯᠭᠠᠨ ᠭᠠᠯ ᠰᠡᠷᠭᠡᠶᠢᠯᠡᠬᠦ ᠳᠤ ᠣᠷᠣᠯᠴᠠᠬᠤ᠂ ᠬᠥᠮᠦᠨ ᠪᠣᠯᠭᠠᠨ ᠭᠠᠯ ᠰᠡᠷᠭᠡᠶᠢᠯᠡᠬᠦ ᠶᠢ ᠴᠢᠬᠤᠯᠠᠴᠢᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
C:\Users\Administrator\Desktop\11.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号