ᠹᠧᠩ ᠱᠸᠦ ᠰᠢᠶᠠᠩ 2024 ᠣᠨ ᠤ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/8
    4 ᠰᠠᠷ᠎ᠠ ᠶᠢᠨ 7 ᠤ ᠦᠳᠡ ᠶᠢᠨ ᠡᠮᠦᠨ᠎ᠡ᠂ ᠹᠧᠩ ᠱᠸᠦ ᠰᠢᠶᠠᠩ 2024 ᠣᠨ ᠤ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠤ ᠠᠵᠢᠯ ᠤᠨ ᠬᠤᠷᠠᠯ ᠢ ᠬᠤᠷᠠᠯᠳᠤᠵᠤ᠂ ᠬᠤᠷᠠᠯ ᠢ ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠫᠢ ᠰᠢᠶᠠᠩ ᠹᠸᠢ ᠡᠷᠬᠢᠯᠡᠵᠦ᠂ ᠭᠡᠷ ᠲᠡᠭᠡᠨ ᠪᠠᠶᠢᠭ᠎ᠠ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠪᠠᠶᠢᠭᠤᠯᠭ᠎ᠠ ᠶᠢᠨ ᠺᠠᠳ᠋ᠷ᠂ ᠰᠢᠶᠠᠩ ᠤᠨ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ 2023 ᠣᠨ ᠤ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠰᠢᠶᠠᠩ ᠤᠨ ᠬᠢᠨ ᠠᠵᠠ ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠶᠢ ᠳᠠᠶᠢᠴᠢᠯᠠᠵᠤ᠂ ᠪᠦᠬᠦ ᠰᠢᠶᠠᠩ ᠤᠨ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃ ᠬᠤᠷᠠᠯ ᠳᠡᠭᠡᠷ᠎ᠡ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠣᠰ ᠲᠣᠰ 2024 ᠣᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠰᠠᠬᠢᠯᠭ᠎ᠠ ᠪᠠᠲᠤ ᠪᠠᠶᠢᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠤᠰ ᠲᠥᠷᠥ ᠬᠠᠤᠯᠢ ᠴᠠᠭᠠᠵᠠ᠂ ᠤᠯᠤᠰ ᠲᠥᠷᠥ ᠶᠢᠨ ᠵᠥᠪᠯᠡᠯᠭᠡᠨ᠂ ᠣᠯᠠᠨ ᠲᠦᠮᠡᠨ ᠤ ᠪᠦᠯᠬᠦᠮ᠂ ᠤᠰᠤᠨ ᠠᠰᠢᠭᠯᠠᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠰᠢᠶᠠᠩ ᠤᠨ ᠨᠠᠮ ᠤᠨ ᠬᠤᠷᠢᠶᠠᠨ ᠤ ᠱᠦᠵᠢ ᠭᠤᠤ ᠬᠤᠩ ᠹᠸᠢ ᠹᠧᠩ ᠱᠸᠦ ᠰᠢᠶᠠᠩ ᠤᠨ 2023 ᠣᠨ ᠤ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠠᠵᠢᠯ ᠳᠤ ᠣᠯᠤᠭᠰᠠᠨ ᠶᠡᠷᠦ ᠪᠤᠰᠤ ᠶᠢᠨ ᠠᠮᠵᠢᠯᠲᠠ ᠶᠢ ᠳ᠋ᠦᠩᠨᠡᠭᠰᠡᠨ ᠤ ᠬᠠᠮᠲᠤ ᠪᠠᠰᠠ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠳᠤᠷᠠᠳᠤᠭᠰᠠᠨ ᠪᠥᠭᠡᠳ ᠬᠤᠶᠢᠰᠢᠳᠠ ᠶᠢᠨ ᠠᠵᠢᠯ ᠳᠤ ᠲᠠᠪᠤᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠬᠠᠷᠠᠭ᠎ᠠ ᠪᠠᠨ ᠥᠷᠭᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠡᠳᠬᠢᠬᠦᠢ ᠪᠠᠷ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠲᠤᠪᠤᠶᠢᠯᠭᠠᠬᠤ ᠬᠡᠷᠡᠭᠲᠡᠢ︔ ᠬᠤᠶᠠᠷ ᠲᠤ ᠂ ᠦᠵᠡᠯ ᠰᠠᠨᠠᠭ᠎ᠠ ᠪᠠᠨ ᠴᠢᠯᠥᠭᠡᠯᠡᠵᠦ᠂ ᠰᠢᠰᠲ᠋ᠧᠮᠲᠦ ᠴᠢᠨᠠᠷᠲᠠᠢ ᠰᠡᠳᠬᠢᠬᠦᠢ ᠪᠠᠷ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠡᠷᠡᠭᠲᠡᠢ︔ ᠭᠤᠷᠪᠠ ᠳᠤ ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠬᠠᠤᠯᠢ ᠳᠦᠷᠢᠮᠵᠢᠯ ᠤᠨ ᠰᠡᠳᠬᠢᠬᠦᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠲᠦᠷᠪᠡ ᠳᠤ᠂ ᠨᠠᠷᠢᠯᠢᠭ ᠲᠥᠯᠥᠪᠵᠢᠭᠦᠯᠵᠦ᠂ ᠬᠥᠭᠵᠢᠯᠲᠡ ᠶᠢᠨ ᠴᠢᠨᠠᠷᠲᠠᠢ ᠰᠡᠳᠬᠢᠬᠦᠢ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠲᠠᠪᠤ ᠳᠤ᠂ ᠠᠯᠤᠰ ᠬᠡᠳᠤ ᠳᠤ ᠰᠠᠭᠤᠷᠢᠯᠠᠵᠤ᠂ ᠨᠠᠷᠢᠯᠢᠭ ᠣᠨᠣᠴᠠᠲᠠᠢ ᠰᠡᠳᠬᠢᠬᠦᠢ ᠪᠠᠷ ᠺᠠᠳ᠋ᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠪᠡ᠃    ᠡᠭᠦᠨ ᠤ ᠵᠡᠷᠭᠡᠪᠡᠷ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠮᠥᠨᠴᠦ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠠᠬᠢ ᠹᠧᠩ ᠱᠸᠦ ᠰᠢᠶᠠᠩ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠵᠢᠯ ᠪᠣᠯᠤᠨ᠎ᠠ᠂ ᠡᠨᠡ ᠵᠢᠯ ᠤᠨ ᠪᠦᠬᠦ ᠰᠢᠶᠠᠩ ᠤᠨ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠠᠵᠢᠯ ᠢ ᠰᠠᠶᠢᠲᠤᠷ ᠬᠢᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠳᠡᠭᠡᠳᠦ ᠱᠠᠲᠤᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠵᠥᠩᠨᠡᠯᠲᠡ ᠶᠢᠨ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠦᠬᠦ ᠰᠢᠶᠠᠩ ᠢᠶᠠᠷ ᠢᠶᠠᠨ ᠪᠦᠯᠬᠦᠮᠳᠡᠨ ᠨᠢᠭᠡᠳᠴᠦ᠂ ᠦᠷᠭᠦᠯᠵᠢᠯᠡᠨ ᠲᠡᠮᠡᠴᠡᠵᠦ᠂ ᠴᠠᠭ ᠢ ᠠᠮᠵᠢᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠥᠭᠡᠷᠡᠴᠢᠯᠡᠯᠲᠡ ᠶᠢ ᠠᠬᠢᠭᠤᠯᠵᠤ᠂ ᠠᠵᠠ ᠲᠣᠬᠢᠶᠠᠯ ᠢ ᠠᠳᠬᠤᠵᠤ᠂ ᠰᠤᠷᠲᠠᠯ ᠢᠶᠠᠨ ᠴᠢᠩᠭᠠᠳᠬᠠᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩ ᠱᠸᠦ ᠰᠢᠶᠠᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号