ᠰᠢᠨ ᠾᠦᠢ ᠪᠠᠯᠭᠠᠰᠤ᠄ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ ᠠᠷᠢᠭᠤᠨ ᠴᠡᠪᠡᠷ ᠰᠠᠶᠢᠨ ᠰᠠᠶᠢᠬᠠᠨ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/4/8
     ᠣᠷᠣᠰᠢᠨ ᠰᠠᠭᠤᠬᠤ ᠣᠷᠴᠢᠨ ᠨᠦᠭᠦᠴᠡᠯ ᠨᠢ ᠨᠡᠩ ᠴᠡᠪᠡᠷ ᠴᠡᠮᠴᠡᠭᠡᠷ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠨᠢ ᠨᠡᠩ ᠡᠶ᠎ᠡ ᠵᠣᠬᠢᠴᠠᠯ ᠲᠠᠢ᠂ ᠠᠮᠢᠳᠤᠷᠠᠯ ᠤᠨ ᠨᠥᠬᠦᠴᠡᠯ ᠨᠢ ᠨᠡᠩ ᠲᠠᠭᠠᠯᠠᠮᠵᠢᠲᠠᠶ᠂ ᠵᠣᠯ ᠵᠢᠷᠭᠠᠯ ᠤᠨ ᠵᠢᠭᠠᠯᠲᠠ ᠲᠤᠭ᠎ᠠ ᠨᠢ ᠤᠳᠠᠭ᠎ᠠ ᠳᠠᠷᠠᠭᠠᠯᠠᠨ ᠥᠨᠳᠥᠷ  ᠪᠠᠶᠢᠨ᠎ᠠ᠃ ᠰᠢᠨ ᠾᠦᠢ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠨᠢ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠳᠤ ᠰᠢᠨ᠎ᠡ ᠰᠡᠪᠡᠭᠦᠨ ᠲᠠᠭᠠᠯᠠᠮᠵᠢᠲᠠᠶ ᠠᠭᠤᠷ ᠠᠮᠢᠰᠬᠤᠯ ᠢᠯᠡᠷᠡᠵᠦ ᠪᠠᠶᠢᠨ᠎ᠠ᠃    ᠲᠣᠰᠬᠤᠨ ᠤ ᠳᠦᠷᠰᠦ ᠨᠢ ᠭᠠᠳᠠᠷ ᠳᠦᠷᠢ ᠪᠠᠶᠢᠵᠤ᠂ ᠲᠣᠰᠬᠤᠨ ᠤ ᠬᠡᠪ ᠰᠤᠷᠲᠠᠯ ᠨᠢ ᠳᠣᠲᠤᠭᠠᠳᠤ ᠢᠯᠡᠷᠡᠯ ᠪᠣᠯᠤᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠰᠢᠨ ᠾᠦᠢ ᠪᠠᠯᠭᠠᠰᠤ ᠶᠢᠨ ᠬᠢᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠪᠠᠷ ᠭᠤᠣᠯ ᠰᠢᠵᠢᠮ ᠪᠣᠯᠭᠠᠵᠤ᠂ ᠪᠣᠯᠪᠠᠰᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠵᠠᠰᠠᠯᠲᠠ ᠶᠢᠨ ᠲᠥᠪᠯᠡᠩᠭᠦᠢ ᠬᠦᠴᠦᠨ ᠢ ᠨᠢᠭᠲᠠᠷᠠᠭᠤᠯᠵᠤ᠂ ᠤᠯᠠᠨ ᠲᠦᠮᠡᠨ ᠤ ᠵᠣᠯ  ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ  ᠳᠡᠭᠡᠭᠰᠢᠯᠡᠭᠦᠯᠪᠡ᠃    ᠲᠣᠰᠬᠤᠨ ᠤ ᠠᠷᠠᠳ ᠲᠤ ᠨᠡᠩ ᠰᠠᠶᠢᠨ ᠦᠢᠯᠡᠴᠢᠯᠡᠵᠦ᠂ ᠣᠶᠢᠷ᠎ᠠ ᠶᠢᠨ ᠵᠢᠯ ᠳᠤ᠂ ᠰᠢᠨ ᠾᠦᠢ ᠪᠠᠯᠭᠠᠰᠤ ᠣᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠷᠠᠳ ᠤᠨ ᠠᠮᠢᠳᠤᠷᠠᠯ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠨ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰᠬᠤᠨ ᠤ ᠠᠷᠠᠳ ᠲᠤ ᠠᠵᠢᠯ ᠣᠯᠭᠤᠬᠤ  ᠪᠣᠯᠪᠠᠰᠤᠷᠠᠯ᠂ ᠰᠣᠶᠣᠯ ᠤᠨ ᠠᠵᠢᠯᠯᠠᠭ᠎ᠠ᠂ ᠤᠰᠤ ᠴᠠᠬᠢᠯᠭᠠᠨ ᠬᠡᠷᠡᠭᠯᠡᠬᠦ᠂ ᠵᠢᠵᠢᠭ ᠲᠣᠭᠤᠷᠢᠭ ᠤᠨ ᠠᠮᠤᠷ ᠲᠦᠪᠰᠢᠨ ᠪᠠ ᠬᠤᠭ ᠨᠣᠪᠰᠢ ᠶᠢ ᠴᠡᠪᠡᠷᠯᠡᠬᠦ ᠵᠡᠷᠭᠡ ᠠᠰᠠᠭᠤᠳᠠᠯ ᠢ  ᠰᠢᠢᠳᠪᠦᠷᠢᠯᠡᠵᠦ ᠥᠭᠪᠡ᠃    ᠣᠷᠴᠢᠨ ᠨᠦᠭᠦᠴᠡᠯ ᠢ ᠭᠤᠶᠤ ᠰᠠᠶᠢᠬᠠᠨ᠂  ᠬᠦᠮᠦᠰ ᠤᠨ  ᠰᠡᠳᠬᠢᠯ ᠳᠤ ᠨᠡᠩ ᠲᠠᠭᠠᠯᠠᠮᠵᠢᠲᠠᠢ᠃ ᠡᠳᠦᠭᠡ᠂ ᠪᠣᠯᠪᠠᠰᠤᠨ ᠰᠢᠨ᠎ᠡ ᠬᠡᠪ ᠰᠤᠷᠲᠠᠯ ᠨᠢ ᠰᠢᠨ ᠾᠦᠢ ᠪᠠᠯᠭᠠᠰᠤᠨ ᠳᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠠᠭᠤᠷᠢ ᠦᠩᠭᠡ︾ ᠤᠯᠠᠮ ᠠᠴᠠ ᠤᠯᠠᠮ ᠥᠳᠬᠡᠷᠡᠵᠦ᠂ ᠤᠯᠠᠨ ᠲᠦᠮᠡᠨ ᠤ ᠪᠦᠬᠦᠯᠢ ᠴᠣᠭᠴᠠ ᠶᠢᠨ ᠬᠡᠪ ᠴᠢᠨᠠᠷ ᠮᠡᠳᠡᠭᠳᠡᠮ᠎ᠡ ᠳᠡᠭᠡᠭᠰᠢᠯᠡᠵᠦ᠂ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠬᠡᠪ ᠰᠤᠷᠲᠠᠯ ᠡᠷᠡᠭᠦᠯ ᠢᠶᠠᠷ ᠥᠭᠡᠳᠡᠯᠡᠨ ᠲᠠᠪᠰᠢᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ  ᠵᠢᠷᠭᠠᠯᠲᠤ ᠲᠦᠷᠦᠭᠳᠡᠯ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠰᠢᠨ ᠾᠦᠢ ᠪᠠᠯᠭᠠᠰᠤ ᠨᠢ  ᠡᠶ᠎ᠡ ᠵᠣᠬᠢᠴᠠᠩᠭᠤᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠨᠠᠩ ᠴᠢᠨᠠᠷ ᠴᠢᠨᠰᠠᠭ᠎ᠠ ᠲᠠᠢ᠂ ᠨᠠᠩ ᠬᠠᠯᠠᠭᠤᠨ ᠳᠤᠯᠠᠭᠠᠨ᠂ ᠨᠠᠩ ᠠᠮᠢᠵᠢᠷᠠᠯ ᠤᠨ ᠬᠦᠴᠦᠨ ᠲᠠᠢ ᠦᠵᠡᠰᠬᠦᠯᠡᠩᠲᠦ ᠰᠠᠶᠢᠬᠠᠨ ᠰᠢᠶᠠᠩ ᠪᠠᠯᠭᠠᠰᠤ ᠶᠢ ᠪᠥᠲᠥᠭᠡᠨ ᠪᠠᠶᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号