ᠠᠤᠬᠠᠨ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠳᠤ 6S ᠨᠠᠷᠢᠯᠢᠭ  ᠰᠠᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠣᠷᠣᠭᠤᠯᠪᠠ
ᠨᠡᠶᠢᠲᠡᠯᠡᠭᠰᠡᠨ ᠴᠠᠭ᠄
2024/4/8
 C:\Users\Administrator\Desktop\1.JPG
   ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠨᠣᠰᠢᠯᠠᠨ ᠡᠮᠨᠡᠬᠦ ᠣᠷᠴᠢᠨ ᠲᠣᠭᠤᠷᠢᠨ ᠢ ᠰᠠᠶᠢᠵᠢᠷᠠᠭᠤᠯᠤᠨ᠂  ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠦᠯᠬᠦᠮ ᠨᠡᠶᠢᠲᠡ ᠶᠢ ᠪᠠᠶᠢᠭᠤᠯᠬᠤ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ 6S ᠬᠠᠮᠢᠶᠠᠷᠤᠯᠲᠠ ᠶᠢᠨ ᠲᠥᠷᠥᠯ ᠵᠦᠢᠯ ᠢ ᠡᠬᠢᠯᠡᠭᠦᠯᠬᠦ ᠶᠡᠭᠡ ᠬᠤᠷᠠᠯ  ᠬᠤᠷᠠᠯᠳᠤᠵᠤ᠂ 6S ᠬᠠᠮᠢᠶᠠᠷᠤᠯᠲᠠ ᠶᠢᠨ ᠵᠠᠭᠪᠤᠷ ᠢ 2024 ᠣᠨ ᠤ ᠭᠤᠤᠯᠳᠠᠯᠭ᠎ᠠ ᠲᠠᠢ ᠠᠵᠢᠯ ᠳᠤ ᠵᠢᠩᠬᠢᠨᠢ ᠪᠠᠷ ᠵᠢᠭᠰᠠᠭᠠᠨ ᠣᠷᠣᠭᠤᠯᠬᠤ ᠶᠢᠨ ᠬᠠᠮᠲᠤ ᠬᠡᠪ ᠤᠨ ᠪᠠᠶᠢᠳᠠᠯ ᠢᠶᠠᠷ ᠬᠡᠷᠡᠭᠵᠢᠭᠦᠯᠦᠨ᠎ᠡ᠃    6S ᠬᠠᠮᠢᠶᠠᠷᠤᠯᠲᠠ ᠶᠢᠨ ᠵᠠᠭᠪᠤᠷ ᠪᠣᠯ ᠳᠠᠷᠤᠶ ︽ᠡᠮᠬᠢᠯᠡᠬᠦ᠂ ᠴᠡᠭᠴᠡᠯᠡᠬᠦ᠂ ᠴᠡᠪᠡᠷᠯᠡᠬᠦ᠂ ᠠᠷᠢᠭᠤᠨ ᠴᠡᠪᠡᠷ᠂ ᠬᠡᠪ ᠪᠣᠯᠪᠠᠰᠤᠷᠠᠯ᠂ ᠠᠮᠤᠷ ᠲᠦᠪᠰᠢᠨ︾ ᠪᠣᠯᠤᠨ᠎ᠠ᠂ 6S ᠬᠠᠮᠢᠶᠠᠷᠤᠯᠲᠠ ᠶᠢᠨ ᠠᠵᠢᠯᠯᠠᠭ᠎ᠠ ᠪᠠᠷ ᠳᠡᠮᠵᠢᠨ᠂ ᠠᠵᠢᠯ ᠤᠨ ᠶᠠᠪᠤᠴᠠ ᠶᠢ ᠪᠦᠲᠦᠮᠵᠢᠲᠡᠶ ᠵᠢᠷᠤᠮᠵᠢᠭᠤᠯᠵᠤ᠂ ᠠᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠠᠵᠢᠯᠲᠠᠨ ᠤ ᠰᠠᠶᠢᠨ ᠰᠠᠶᠢᠬᠠᠨ ᠵᠠᠩ ᠳᠠᠳᠬᠠᠯ ᠢ ᠬᠥᠮᠦᠵᠢᠭᠦᠯᠵᠦ᠂ ᠠᠵᠢᠯᠲᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠡᠪᠡᠳᠴᠢᠲᠡᠨ ᠤ ᠠᠮᠤᠷ ᠲᠦᠪᠰᠢᠨ ᠢ ᠪᠠᠲᠤᠯᠠᠵᠤ᠂ ᠡᠮᠨᠡᠯᠭᠡ ᠶᠢᠨ ᠬᠤᠷᠢᠶᠠᠨ ᠤ ᠳᠦᠷᠢ ᠲᠥᠷᠬᠦ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠨ᠎ᠠ᠃ ᠣᠶᠢᠯᠠᠭᠠᠭᠰᠠᠨ ᠢᠶᠠᠷ᠂ 6S ᠨᠠᠷᠢᠯᠢᠭ  ᠰᠠᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 6S  ᠨᠠᠷᠢᠯᠢᠭ  ᠰᠠᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ ᠶᠠᠪᠤᠴᠠ ᠶᠢ ᠲᠣᠳᠣᠷᠬᠠᠶᠢᠯᠠᠭᠰᠠᠨ ᠤ ᠬᠠᠮᠲᠤ᠂ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢ 6S ᠬᠠᠮᠢᠶᠠᠷᠤᠯᠲᠠ ᠶᠢᠨ ᠲᠤᠷᠰᠢᠯᠲᠠ ᠶᠢᠨ ᠡᠮᠨᠡᠯᠭᠡ ᠶᠢᠨ ᠬᠤᠷᠢᠶ᠎ᠠ ᠪᠠᠷ ᠰᠣᠩᠭᠤᠨ ᠲᠣᠭᠲᠠᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠠᠷ ᠳᠡᠮᠵᠢᠨ᠂ ᠡᠴᠦᠰ ᠲᠡᠭᠡᠨ 6S ᠬᠠᠮᠢᠶᠠᠷᠤᠯᠲᠠ ᠶᠢ ᠪᠣᠶ ᠪᠥᠬᠦᠶ ᠬᠢᠲᠠᠳ ᠮᠣᠩᠭᠤᠯ ᠡᠮᠨᠡᠯᠭᠡ ᠶᠢᠨ ᠪᠠᠶᠢᠭᠤᠯᠤᠮᠵᠢ ᠳᠤ ᠪᠦᠬᠦᠨ ᠢ ᠬᠠᠮᠤᠷᠬᠤ ᠶᠢ  ᠪᠡᠶᠡᠯᠡᠭᠦᠯᠦᠨ᠎ᠡ᠃    ᠬᠤᠷᠠᠯ ᠠᠴᠠ᠄ ︽6S ᠨᠠᠷᠢᠯᠢᠭ ᠰᠠᠶᠢᠨ ᠬᠠᠮᠢᠶᠠᠷᠤᠯᠲᠠ︾ ᠪᠣᠯ ᠦᠢᠯᠡᠳᠦᠯᠭᠡ ᠶᠢᠨ ᠰᠢᠯᠭᠠᠯᠲᠠ ᠶᠢ ᠥᠩᠭᠡᠷᠡᠭᠡᠭᠰᠡᠨ ᠠᠮᠵᠢᠯᠲᠠ ᠲᠠᠢ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠤᠨ᠎ᠠ᠂ ᠮᠥᠨᠴᠦ ᠪᠦᠲᠦᠮᠵᠢᠲᠡᠢ ᠬᠠᠮᠢᠶᠠᠷᠤᠯᠲᠠ ᠶᠢᠨ ᠪᠠᠭᠠᠵᠢ ᠪᠣᠯᠤᠨ᠎ᠠ᠂ 6S ᠬᠠᠮᠢᠶᠠᠷᠤᠯᠲᠠ ᠶᠢ ᠬᠡᠷᠡᠭᠵᠢᠭᠦᠯᠬᠦ ᠪᠣᠯ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠤᠨ᠎ᠠ᠃ ᠪᠦᠬᠦ ᠠᠵᠢᠯᠳᠠᠨ ᠠᠵᠢᠯᠴᠢᠨ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ ᠂  ᠪᠠᠲᠤᠯᠠᠭ᠎ᠠ ᠶᠢᠨ ᠠᠷᠭ᠎ᠠ  ᠬᠡᠮᠵᠢᠶ᠎ᠡ ᠶᠢ  ᠪᠣᠳᠠᠲᠠᠶᠢᠵᠢᠭᠤᠯᠵᠤ᠂ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢ  ᠪᠣᠳᠠᠲᠠᠶᠢᠵᠢᠭᠤᠯᠵᠤ᠂  ᠠᠵᠢᠯ ᠢ ᠠᠬᠢᠭᠤᠯᠬᠤ ᠶᠢ ᠪᠣᠳᠠᠲᠠᠶᠢᠵᠢᠭᠤᠯᠵᠤ᠂ 6S ᠬᠠᠮᠢᠶᠠᠷᠤᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ 6S ᠬᠠᠮᠢᠶᠠᠷᠤᠯᠲᠠ ᠶᠢᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠷᠠᠳ ᠤᠯᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠴᠢᠨᠠᠷᠲᠠᠢ ᠪᠣᠯᠭᠠᠬᠤ ᠬᠡᠷᠡᠭᠲᠡᠢ ᠭᠡᠵᠦ  ᠴᠢᠬᠤᠯᠠᠴᠢᠯᠠᠪᠠ᠃   ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠢᠦᠶ ᠶᠠᠨ ᠮᠧᠶ ᠪᠠᠭᠰᠢ ᠲᠣᠰ ᠲᠣᠰ 6S ᠨᠠᠷᠢᠯᠢᠭ ᠰᠠᠶᠢᠨ ᠬᠠᠮᠢᠶᠠᠷᠤᠯᠲᠠ ᠶᠢᠨ ᠰᠠᠭᠤᠷᠢ ᠮᠡᠳᠡᠯᠭᠡ᠂ ᠡᠭᠦᠳᠦᠨ ᠪᠦᠲᠦᠭᠡᠬᠦ ᠶᠠᠪᠤᠴᠠ᠂ ᠬᠠᠷᠠᠯᠲᠠ ᠱᠠᠭᠠᠷᠳᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ  ᠪᠣᠯᠪᠠᠰᠤᠷᠠᠯ ᠤᠨ ᠬᠢᠴᠢᠶᠡᠯ ᠣᠷᠣᠪᠠ᠃    ᠲᠣᠰ ᠤᠳᠠᠭᠠᠨ ᠤ ᠡᠬᠢᠯᠡᠯᠲᠡ ᠶᠢᠨ ᠬᠤᠷᠠᠯ ᠨᠢ ᠬᠤᠰᠢᠭᠤᠨ ᠤ ᠬᠢᠲᠠᠳ ᠡᠮᠨᠡᠯᠭᠡ  ᠮᠣᠩᠭᠤᠯ ᠡᠮᠨᠡᠯᠭᠡ ᠶᠢᠨ ᠬᠤᠷᠢᠶ᠎ᠠ ᠶᠢᠨ 6S ᠨᠠᠷᠢᠯᠢᠭ ᠰᠠᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠲᠣᠮᠣ ᠬᠥᠰᠢᠭᠡ ᠶᠢ ᠨᠡᠭᠡᠭᠡᠵᠦ᠂ ︽ᠡᠮᠬᠢᠯᠡᠬᠦ᠂ ᠴᠡᠭᠴᠡᠯᠡᠬᠦ᠂ ᠴᠡᠪᠡᠷᠯᠡᠬᠦ᠂ ᠠᠷᠢᠭᠤᠨ ᠴᠡᠪᠡᠷ᠂ ᠬᠡᠪ ᠪᠣᠯᠪᠠᠰᠤᠷᠠᠯ᠂ ᠠᠮᠤᠷ ᠲᠦᠪᠰᠢᠨ︾ ᠵᠡᠷᠭᠡ ᠠᠵᠢᠯ ᠢ ᠥᠷᠨᠢᠭᠦᠯᠬᠦ ᠪᠠᠷ ᠳᠡᠮᠵᠢᠨ᠂ ᠡᠳ᠋ ᠪᠣᠳᠠᠰ᠂ ᠣᠷᠴᠢᠨ ᠲᠣᠭᠤᠷᠢᠨ᠂ ᠦᠢᠯᠡ ᠠᠵᠢᠯᠯᠠᠭ᠎ᠠ ᠪᠠ ᠶᠠᠪᠤᠴᠠ ᠶᠢ ᠵᠢᠷᠤᠮᠵᠢᠭᠤᠯᠤᠨ᠂ ᠡᠪᠡᠳᠴᠢᠲᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠡᠮᠨᠡᠯᠭᠡ ᠶᠢᠨ ᠬᠤᠷᠢᠶ᠎ᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃
C:\Users\Administrator\Desktop\2.JPG
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号