ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/8
     ᠪᠥᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠬᠠᠤ ᠤᠷ᠎ᠠ ᠴᠢᠳᠠᠪᠤᠷᠢ ᠶᠢ ᠤᠯᠠᠮᠵᠢᠯᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠶᠡᠭᠡ ᠠᠩᠭᠢ ᠶᠢᠨ ᠤᠬᠠᠭᠤᠯᠬᠤ ᠠᠵᠢᠯᠲᠠᠨ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠶᠢ ᠨᠠᠷᠢᠨ ᠲᠠᠶᠢᠯᠪᠤᠷᠢᠯᠠᠵᠤ᠂ 119 ᠭᠠᠯ ᠲᠦᠢᠮᠡᠷ ᠤᠨ ᠮᠡᠳᠡᠭᠡ ᠶᠢᠨ ᠤᠲᠠᠰᠤ ᠶᠢ ᠵᠥᠪ ᠣᠨᠣᠪᠴᠢᠲᠠᠶ ᠤᠲᠠᠰᠤᠳᠠᠬᠤ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ᠂ ᠭᠠᠯ ᠭᠠᠷᠤᠭᠰᠠᠨ ᠭᠠᠵᠠᠷ ᠲᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠠᠷᠭ᠎ᠠ ᠬᠡᠮᠵᠢᠶ᠎ᠡ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ   ᠲᠠᠶᠢᠯᠪᠤᠷᠢᠯᠠᠪᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠬᠡᠷ ᠪᠦᠯᠢ ᠶᠢᠨ ᠭᠠᠯ ᠤᠨ ᠠᠶᠤᠯ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠣᠯᠠᠨ ᠭᠠᠷᠳᠠᠭ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠰᠠᠭᠤᠭᠠᠯᠢ ᠠᠷᠠᠳ ᠲᠤ ᠬᠡᠷ ᠪᠦᠯᠢ ᠳᠡᠭᠡᠨ ᠴᠠᠬᠢᠯᠭᠠᠨ ᠤᠲᠠᠰᠤ ᠬᠠᠭᠤᠴᠢᠷᠠᠬᠤ᠂ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠵᠡᠷᠭᠡ ᠳᠠᠯᠳᠠ ᠬᠡᠮ ᠭᠠᠷᠬᠤ ᠶᠢ ᠠᠩᠬᠠᠷᠬᠤ ᠶᠢ ᠰᠠᠨᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠬᠡᠷ ᠪᠦᠯᠢ ᠶᠢᠨ ᠪᠦᠷᠢᠯᠳᠦᠬᠦᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠤᠨ ᠣᠯᠠᠨ ᠲᠦᠮᠡᠨ ᠲᠠᠢ ᠣᠶᠢᠷᠠᠲᠤᠵᠤ᠂ ᠠᠮᠢᠳᠤᠷᠠᠯ ᠲᠠᠢ ᠣᠶᠢᠷᠠᠲᠤᠵᠤ ᠪᠠᠶᠢᠭ᠎ᠠ ᠣᠨᠴᠠᠯᠢᠭ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠥᠷᠭᠡᠨ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠡᠭᠡ ᠠᠩᠬᠢ ᠶᠢᠨ ᠬᠢᠨ ᠦᠷᠭᠦᠯᠵᠢᠯᠡᠨ ᠤᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠪᠠᠷ ᠪᠦᠬᠦ ᠠᠵᠢᠯᠲᠠᠳ ᠤᠨ ᠭᠠᠯ ᠤᠨᠲᠠᠷᠠᠭᠠᠬᠤ ᠠᠵᠢᠯ ᠢ ᠬᠠᠮᠲᠤᠪᠠᠷ ᠪᠠᠶᠢᠭᠤᠯᠬᠤ ᠤᠬᠠᠮᠰᠠᠷ ᠢ ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ︽ᠠᠮᠢᠨ ᠰᠤᠳᠠᠰᠤ︾ ᠶᠢ ᠪᠠᠲᠤ ᠴᠣᠭᠴᠠᠯᠠᠵᠤ᠂ ᠠᠮᠤᠷ ᠠᠮᠤᠭᠤᠯᠠᠩ ᠭᠡᠷ ᠣᠷᠣᠨ ᠢ ᠬᠠᠮᠲᠤᠪᠠᠷ ᠪᠦᠳᠦᠬᠡᠨ ᠪᠠᠶᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号