ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠣᠨᠣᠰᠢᠯᠠᠨ ᠡᠮᠨᠡᠬᠦ ᠣᠷᠴᠢᠨ ᠲᠣᠭᠤᠷᠢᠨ ᠢ ᠰᠠᠶᠢᠵᠢᠷᠠᠭᠤᠯᠤᠨ᠂ ᠦᠢᠯᠡᠴᠢᠯᠡᠭᠡᠨ ᠤ | ᠶᠠᠪᠤᠴᠠ ᠶᠢ ᠰᠢᠯᠢᠳᠡᠭᠵᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠦᠯᠬᠦᠮ ᠨᠡᠶᠢᠲᠡ ᠶᠢ | ᠪᠠᠶᠢᠭᠤᠯᠬᠤ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠬᠤᠰᠢᠭᠤᠨ ᠤ ᠬᠢᠲᠠᠳ ᠡᠮᠨᠡᠯᠭᠡ ᠮᠣᠩᠭᠤᠯ | ᠡᠮᠨᠡᠯᠭᠡ ᠶᠢᠨ ᠬᠤᠷᠢᠶ᠎ᠠ 6S ᠬᠠᠮᠢᠶᠠᠷᠤᠯᠲᠠ ᠶᠢᠨ ᠲᠥᠷᠥᠯ ᠵᠦᠢᠯ ᠢ ᠡᠬᠢᠯᠡᠭᠦᠯᠬᠦ ᠶᠡᠭᠡ ᠬᠤᠷᠠᠯ ᠬᠤᠷᠠᠯᠳᠤᠵᠤ᠂ | 6S ᠬᠠᠮᠢᠶᠠᠷᠤᠯᠲᠠ ᠶᠢᠨ ᠵᠠᠭᠪᠤᠷ ᠢ 2024 ᠣᠨ ᠤ ᠭᠤᠤᠯᠳᠠᠯᠭ᠎ᠠ ᠲᠠᠢ ᠠᠵᠢᠯ ᠳᠤ ᠵᠢᠩᠬᠢᠨᠢ ᠪᠠᠷ ᠵᠢᠭᠰᠠᠭᠠᠨ | ᠣᠷᠣᠭᠤᠯᠬᠤ ᠶᠢᠨ ᠬᠠᠮᠲᠤ ᠬᠡᠪ ᠤᠨ ᠪᠠᠶᠢᠳᠠᠯ ᠢᠶᠠᠷ ᠬᠡᠷᠡᠭᠵᠢᠭᠦᠯᠦᠨ᠎ᠡ᠃ | 6S ᠬᠠᠮᠢᠶᠠᠷᠤᠯᠲᠠ ᠶᠢᠨ ᠵᠠᠭᠪᠤᠷ ᠪᠣᠯ ᠳᠠᠷᠤᠶ ︽ᠡᠮᠬᠢᠯᠡᠬᠦ᠂ ᠴᠡᠭᠴᠡᠯᠡᠬᠦ᠂ ᠴᠡᠪᠡᠷᠯᠡᠬᠦ᠂ ᠠᠷᠢᠭᠤᠨ ᠴᠡᠪᠡᠷ᠂ | ᠬᠡᠪ ᠪᠣᠯᠪᠠᠰᠤᠷᠠᠯ᠂ ᠠᠮᠤᠷ ᠲᠦᠪᠰᠢᠨ︾ ᠪᠣᠯᠤᠨ᠎ᠠ᠂ 6S ᠬᠠᠮᠢᠶᠠᠷᠤᠯᠲᠠ ᠶᠢᠨ ᠠᠵᠢᠯᠯᠠᠭ᠎ᠠ ᠪᠠᠷ ᠳᠡᠮᠵᠢᠨ᠂ | ᠠᠵᠢᠯ ᠤᠨ ᠶᠠᠪᠤᠴᠠ ᠶᠢ ᠪᠦᠲᠦᠮᠵᠢᠲᠡᠶ ᠵᠢᠷᠤᠮᠵᠢᠭᠤᠯᠵᠤ᠂ ᠠᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠠᠵᠢᠯᠲᠠᠨ ᠤ ᠰᠠᠶᠢᠨ ᠰᠠᠶᠢᠬᠠᠨ ᠵᠠᠩ ᠳᠠᠳᠬᠠᠯ ᠢ ᠬᠥᠮᠦᠵᠢᠭᠦᠯᠵᠦ᠂ ᠠᠵᠢᠯᠲᠠᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠂ ᠡᠪᠡᠳᠴᠢᠲᠡᠨ ᠤ ᠠᠮᠤᠷ ᠲᠦᠪᠰᠢᠨ ᠢ ᠪᠠᠲᠤᠯᠠᠵᠤ᠂ ᠡᠮᠨᠡᠯᠭᠡ ᠶᠢᠨ ᠬᠤᠷᠢᠶᠠᠨ ᠤ ᠳᠦᠷᠢ | ᠲᠥᠷᠬᠦ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠨ᠎ᠠ᠃ ᠣᠶᠢᠯᠠᠭᠠᠭᠰᠠᠨ ᠢᠶᠠᠷ᠂ 6S ᠨᠠᠷᠢᠯᠢᠭ ᠰᠠᠶᠢᠨ | ᠬᠠᠮᠢᠶᠠᠷᠤᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ 6S ᠨᠠᠷᠢᠯᠢᠭ ᠰᠠᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ | ᠲᠣᠭᠲᠠᠭᠠᠵᠤ᠂ ᠠᠵᠢᠯ ᠤᠨ ᠶᠠᠪᠤᠴᠠ ᠶᠢ ᠲᠣᠳᠣᠷᠬᠠᠶᠢᠯᠠᠭᠰᠠᠨ ᠤ ᠬᠠᠮᠲᠤ᠂ ᠬᠤᠰᠢᠭᠤᠨ ᠤ ᠬᠢᠲᠠᠳ ᠡᠮᠨᠡᠯᠭᠡ | ᠮᠣᠩᠭᠤᠯ ᠡᠮᠨᠡᠯᠭᠡ ᠶᠢᠨ ᠬᠤᠷᠢᠶ᠎ᠠ ᠶᠢ 6S ᠬᠠᠮᠢᠶᠠᠷᠤᠯᠲᠠ ᠶᠢᠨ ᠲᠤᠷᠰᠢᠯᠲᠠ ᠶᠢᠨ ᠡᠮᠨᠡᠯᠭᠡ ᠶᠢᠨ ᠬᠤᠷᠢᠶ᠎ᠠ ᠪᠠᠷ | ᠰᠣᠩᠭᠤᠨ ᠲᠣᠭᠲᠠᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠠᠷ ᠳᠡᠮᠵᠢᠨ᠂ ᠡᠴᠦᠰ ᠲᠡᠭᠡᠨ 6S | ᠬᠠᠮᠢᠶᠠᠷᠤᠯᠲᠠ ᠶᠢ ᠪᠣᠶ ᠪᠥᠬᠦᠶ ᠬᠢᠲᠠᠳ ᠮᠣᠩᠭᠤᠯ ᠡᠮᠨᠡᠯᠭᠡ ᠶᠢᠨ ᠪᠠᠶᠢᠭᠤᠯᠤᠮᠵᠢ ᠳᠤ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ | ᠬᠤᠷᠠᠯ ᠠᠴᠠ᠄ ︽6S ᠨᠠᠷᠢᠯᠢᠭ ᠰᠠᠶᠢᠨ ᠬᠠᠮᠢᠶᠠᠷᠤᠯᠲᠠ︾ ᠪᠣᠯ ᠦᠢᠯᠡᠳᠦᠯᠭᠡ ᠶᠢᠨ ᠰᠢᠯᠭᠠᠯᠲᠠ ᠶᠢ | ᠥᠩᠭᠡᠷᠡᠭᠡᠭᠰᠡᠨ ᠠᠮᠵᠢᠯᠲᠠ ᠲᠠᠢ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠤᠨ᠎ᠠ᠂ ᠮᠥᠨᠴᠦ ᠪᠦᠲᠦᠮᠵᠢᠲᠡᠢ | ᠬᠠᠮᠢᠶᠠᠷᠤᠯᠲᠠ ᠶᠢᠨ ᠪᠠᠭᠠᠵᠢ ᠪᠣᠯᠤᠨ᠎ᠠ᠂ 6S ᠬᠠᠮᠢᠶᠠᠷᠤᠯᠲᠠ ᠶᠢ ᠬᠡᠷᠡᠭᠵᠢᠭᠦᠯᠬᠦ ᠪᠣᠯ ᠤᠳᠤ ᠦᠶ᠎ᠡ ᠶᠢᠨ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠤᠨ᠎ᠠ᠃ ᠪᠦᠬᠦ ᠠᠵᠢᠯᠳᠠᠨ ᠠᠵᠢᠯᠴᠢᠨ | ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢ | ᠪᠣᠳᠠᠲᠠᠶᠢᠵᠢᠭᠤᠯᠵᠤ᠂ ᠠᠵᠢᠯ ᠢ ᠠᠬᠢᠭᠤᠯᠬᠤ ᠶᠢ ᠪᠣᠳᠠᠲᠠᠶᠢᠵᠢᠭᠤᠯᠵᠤ᠂ 6S ᠬᠠᠮᠢᠶᠠᠷᠤᠯᠲᠠ ᠶᠢᠨ ᠠᠵᠢᠯ ᠤᠨ ᠡᠯ᠎ᠡ | ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ 6S ᠬᠠᠮᠢᠶᠠᠷᠤᠯᠲᠠ ᠶᠢᠨ | ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠷᠠᠳ ᠤᠯᠠᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠴᠢᠨᠠᠷᠲᠠᠢ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠢᠦᠶ ᠶᠠᠨ | ᠮᠧᠶ ᠪᠠᠭᠰᠢ ᠲᠣᠰ ᠲᠣᠰ 6S ᠨᠠᠷᠢᠯᠢᠭ ᠰᠠᠶᠢᠨ ᠬᠠᠮᠢᠶᠠᠷᠤᠯᠲᠠ ᠶᠢᠨ ᠰᠠᠭᠤᠷᠢ ᠮᠡᠳᠡᠯᠭᠡ᠂ ᠡᠭᠦᠳᠦᠨ ᠪᠦᠲᠦᠭᠡᠬᠦ | ᠶᠠᠪᠤᠴᠠ᠂ ᠬᠠᠷᠠᠯᠲᠠ ᠱᠠᠭᠠᠷᠳᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠪᠣᠯᠪᠠᠰᠤᠷᠠᠯ ᠤᠨ ᠬᠢᠴᠢᠶᠡᠯ ᠣᠷᠣᠪᠠ᠃ | ᠲᠣᠰ ᠤᠳᠠᠭᠠᠨ ᠤ ᠡᠬᠢᠯᠡᠯᠲᠡ ᠶᠢᠨ ᠬᠤᠷᠠᠯ ᠨᠢ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ | ᠬᠤᠷᠢᠶ᠎ᠠ ᠶᠢᠨ 6S ᠨᠠᠷᠢᠯᠢᠭ ᠰᠠᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠲᠣᠮᠣ ᠬᠥᠰᠢᠭᠡ ᠶᠢ | ᠨᠡᠭᠡᠭᠡᠵᠦ᠂ ︽ᠡᠮᠬᠢᠯᠡᠬᠦ᠂ ᠴᠡᠭᠴᠡᠯᠡᠬᠦ᠂ ᠴᠡᠪᠡᠷᠯᠡᠬᠦ᠂ ᠠᠷᠢᠭᠤᠨ ᠴᠡᠪᠡᠷ᠂ ᠬᠡᠪ ᠪᠣᠯᠪᠠᠰᠤᠷᠠᠯ᠂ ᠠᠮᠤᠷ ᠲᠦᠪᠰᠢᠨ︾ | ᠵᠡᠷᠭᠡ ᠠᠵᠢᠯ ᠢ ᠥᠷᠨᠢᠭᠦᠯᠬᠦ ᠪᠠᠷ ᠳᠡᠮᠵᠢᠨ᠂ ᠡᠳ᠋ ᠪᠣᠳᠠᠰ᠂ ᠣᠷᠴᠢᠨ ᠲᠣᠭᠤᠷᠢᠨ᠂ ᠦᠢᠯᠡ ᠠᠵᠢᠯᠯᠠᠭ᠎ᠠ ᠪᠠ | ᠶᠠᠪᠤᠴᠠ ᠶᠢ ᠵᠢᠷᠤᠮᠵᠢᠭᠤᠯᠤᠨ᠂ ᠡᠪᠡᠳᠴᠢᠲᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠢᠯᠡᠳᠲᠡ | ᠰᠠᠶᠢᠵᠢᠷᠠᠭᠤᠯᠵᠤ᠂ ᠡᠮᠨᠡᠯᠭᠡ ᠶᠢᠨ ᠬᠤᠷᠢᠶ᠎ᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠂ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ | |