ᠪᠦᠬᠦ ᠬᠤᠰᠢᠭᠤᠨ ᠤ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/9
     C:\Users\Administrator\Desktop\1.jpg    
    4 ᠰᠠᠷ᠎ᠠ ᠶᠢᠨ 8 ᠤ ᠡᠳᠦᠷ᠂ ᠪᠥᠬᠦ ᠬᠤᠰᠢᠭᠤᠨ ᠤ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠷᠧᠨ ᠸᠧᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠤ ᠢᠦᠶ ᠵᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠷᠧᠨ ᠸᠧᠢ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠳ᠋ᠦᠩᠨᠡᠵᠦ᠂ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠦ᠋ ᠢᠦᠢ ᠵᠠᠨ 2023 ᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠳ᠋ᠦᠩᠨᠡᠵᠦ᠂ 2024 ᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠵᠧᠦ ᠵᠠᠨ ᠯᠢ ᠶᠠᠷᠢᠶᠠᠨ ᠳᠠᠭᠠᠨ᠂ 2023 ᠣᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠯᠠᠮᠵᠢᠯᠠᠯ ᠳᠡᠮᠵᠢᠯᠭᠡ ᠳᠣᠤᠷ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠠᠶᠢᠲᠤᠷ ᠭᠦᠢᠴᠡᠳᠬᠡᠬᠦ ᠶᠢ ᠵᠠᠰᠠᠭ ᠤᠨ ᠣᠷᠳᠣᠨ ᠤ ᠠᠵᠢᠯ ᠢ ᠴᠢᠩᠭᠠᠳᠬᠠᠬᠤ ᠪᠠ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠲᠡ 217 ᠬᠤᠪᠢ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ᠂ ᠲᠣᠭᠲᠠᠭᠰᠠᠨ ᠬᠤᠭᠤᠴᠠᠭᠠᠨ ᠳᠤ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠪᠣᠳᠠᠲᠠᠶ ᠬᠦᠴᠢᠷᠳᠡᠯ ᠢ ᠰᠢᠢᠳᠪᠦᠷᠢᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠪᠠ᠃ 2024 ᠣᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠤᠰᠢᠭᠤᠨ ᠤ ᠵᠠᠰᠠᠭ ᠤᠨ ᠣᠷᠳᠣᠨ ᠳᠤ ᠲᠤᠰᠢᠶᠠᠨ ᠰᠢᠢᠳᠪᠦᠷᠢᠯᠡᠭᠦᠯᠬᠦ ᠲᠥᠯᠥᠭᠡᠯᠡᠭᠴᠢᠳ ᠤᠨ ᠰᠠᠨᠠᠭᠤᠯᠭ᠎ᠠ 144 ᠬᠤᠪᠢ᠂ ᠭᠡᠰᠢᠭᠦᠳ ᠤᠨ ᠰᠠᠨᠠᠯ  ᠳᠤᠷᠠᠳᠤᠯᠭ᠎ᠠ 121 ᠬᠤᠪᠢ᠂ ᠨᠡᠶᠢᠳᠡ 265 ᠬᠤᠪᠢ ᠪᠠᠶᠢᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠬᠥᠪᠴᠢᠯᠡᠵᠦ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠰᠢᠢᠳᠪᠦᠷᠢᠯᠡᠬᠦ ᠲᠥᠰᠦᠯ ᠢ ᠨᠢᠭᠡᠳᠦᠯᠲᠡᠢ ᠲᠥᠯᠥᠪᠵᠢᠭᠦᠯᠦᠨ ᠲᠣᠭᠲᠠᠭᠠᠵᠤ᠂ ᠰᠢᠢᠳᠪᠦᠷᠢᠯᠡᠬᠦ ᠲᠡᠰ ᠳᠠᠷᠠᠭᠠᠯᠠᠯ ᠢ ᠵᠢᠷᠤᠮᠵᠢᠭᠤᠯᠵᠤ᠂ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠵᠧᠦ ᠵᠠᠨ ᠯᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠠᠬᠢᠴᠠ ᠶᠢ ᠠᠳᠬᠤᠵᠤ᠂ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠶᠢ ᠠᠳᠬᠤᠵᠤ᠂ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠴᠠ ᠶᠢ ᠠᠳᠬᠤᠵᠤ᠂ ᠰᠢᠢᠳᠪᠦᠷᠢᠯᠡᠬᠦ ᠳᠡᠰ ᠳᠠᠷᠠᠭᠠᠯᠠᠯ ᠢ  ᠵᠢᠷᠤᠮᠵᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠶᠢ ᠠᠳᠬᠤᠵᠤ᠂ ᠰᠢᠯᠭᠠᠨ ᠬᠢᠨᠠᠵᠤ ᠱᠠᠩᠨᠠᠵᠤ ᠲᠣᠷᠭᠠᠬᠤ ᠶᠢ ᠴᠢᠩᠳᠠᠯᠠᠬᠤ ᠬᠡᠷᠡᠭᠲᠡᠢ᠃ ᠬᠡᠪ ᠳᠠᠭᠤᠷᠢᠶᠠᠯ ᠢᠶᠠᠨ ᠳᠡᠭᠡᠭᠰᠢᠯᠡᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠵᠤ᠂ ᠲᠥᠯᠥᠭᠡᠯᠡᠭᠴᠢ᠂ ᠬᠡᠰᠢᠭᠦᠨ ᠢ ᠦᠨᠡᠨ ᠬᠦ ᠰᠡᠳᠬᠢᠯ ᠬᠠᠨᠤᠮᠵᠢᠲᠠᠢ ᠪᠣᠯᠭᠠᠵᠤ᠂ ᠠᠷᠠᠳ ᠤᠯᠠᠨ ᠳᠤ ᠠᠰᠢᠭ  ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠡᠯ᠎ᠡ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号