ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠵᠢᠷᠤᠮᠵᠢᠭᠤᠯᠵᠤ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠢᠭᠤᠯᠴᠢᠯᠠᠯ ᠤᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠳᠤ ᠬᠦᠴᠦᠨ | ᠨᠡᠮᠡᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ | ᠤᠶᠠᠯᠳᠤᠭᠤᠯᠬᠤ ᠶᠢᠨ ᠲᠦᠯᠦᠭᠡ ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠥᠬᠦ ᠬᠤᠰᠢᠭᠤᠨ ᠤ ᠬᠡᠪᠴᠢᠶᠡᠨ ᠳᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠤᠰᠬᠠᠶ | ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠭᠤᠤᠯᠳᠠᠭᠤ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠦᠢᠯᠡ | ᠠᠵᠢᠯᠯᠠᠭ᠎ᠠ ᠶᠢ ᠪᠠᠶᠢᠴᠠᠭᠠᠪᠠ᠃ ᠵᠢᠱᠢᠶᠡᠯᠡᠪᠡᠯ ᠴᠢᠬᠤᠯᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷᠠᠬᠢ | ᠦᠵᠡᠮᠵᠢ ᠶᠢᠨ ᠭᠠᠵᠠᠷ᠂ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠳᠤ ᠵᠠᠰᠠᠭ ᠤᠨ ᠣᠷᠳᠣᠨ ᠤ ᠲᠣᠭᠲᠠᠭᠠᠭᠰᠠᠨ | ᠦᠨ᠎ᠡ ᠪᠤᠶᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠦᠨ᠎ᠡ︔ ᠵᠢᠭᠤᠯᠴᠢᠯᠠᠯ ᠤᠨ ᠭᠠᠵᠠᠷ ᠤᠨ ᠡᠷᠬᠢᠨ | ᠲᠣᠭᠤᠷᠢᠨ ᠤ ᠬᠤᠳᠠᠯᠳᠤᠭᠠᠴᠢᠨ ᠲᠠᠸᠠᠷ ᠪᠣᠷᠣᠯᠠᠭᠤᠯᠬᠤ᠂ ᠵᠣᠴᠢᠳ ᠤᠨ ᠪᠠᠭᠤᠳᠠᠯ᠂ ᠬᠤᠨᠤᠭ ᠬᠤᠭᠤᠯᠠ ᠢᠳᠡᠬᠦ ᠵᠡᠷᠭᠡ | ᠦᠢᠯᠡᠴᠢᠯᠡᠭᠡ ᠬᠠᠩᠭᠠᠬᠤ ᠳᠤ᠂ ᠡᠵᠡᠩᠨᠡᠭᠴᠢ ᠡᠷᠬᠡᠪᠰᠢ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡ ᠪᠠᠶᠢᠷᠢᠨ ᠳᠤ | ᠡᠵᠡᠩᠨᠡᠯᠲᠡ ᠶᠢᠨ ᠦᠢᠯᠡᠴᠢᠯᠡᠭᠡᠨ ᠤ ᠲᠥᠷᠥᠯ ᠵᠦᠢᠯ ᠬᠠᠩᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠦᠨ᠎ᠡ ᠬᠠᠩᠰᠢ ᠶᠢ ᠢᠯᠡ ᠬᠠᠳᠠᠬᠤ ᠬᠡᠷᠡᠭᠲᠡᠶ︔ ᠡᠯ᠎ᠡ ᠵᠦᠢᠯ ᠤᠨ ᠬᠠᠷᠠᠭᠠᠯᠵᠠᠯ ᠪᠠ ᠬᠠᠰᠤᠵᠤ ᠬᠡᠯᠲᠦᠷᠢᠭᠦᠯᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ︔ ᠬᠤᠳᠠᠯ ᠬᠠᠭᠤᠷᠮᠠᠭ ᠪᠤᠶᠤ ᠬᠥᠮᠦᠨ ᠢ ᠠᠳᠡᠭᠦᠷᠡᠭᠦᠯᠬᠦ ᠦᠨ᠎ᠡ | ᠬᠠᠩᠰᠢ ᠶᠢᠨ ᠠᠷᠭ᠎ᠠ ᠪᠠᠷᠢᠯ ᠪᠤᠶᠤ ᠦᠨ᠎ᠡ ᠬᠠᠳᠠᠬᠤ ᠠᠷᠭ᠎ᠠ ᠮᠠᠶ᠋ᠢᠭ ᠢ ᠠᠰᠢᠭᠯᠠᠭᠰᠠᠨ ᠡᠰᠡᠬᠦ︔ ᠦᠨ᠎ᠡ ᠥᠰᠬᠡᠬᠦ ᠮᠡᠳᠡᠭᠡ | ᠵᠠᠩᠭᠢ ᠶᠢ ᠬᠤᠳᠠᠯ ᠢᠶᠠᠷ ᠵᠣᠬᠢᠶᠠᠵᠤ ᠲᠠᠷᠬᠠᠭᠠᠬᠤ᠂ ᠦᠨ᠎ᠡ ᠬᠠᠩᠰᠢ ᠶᠢ ᠲᠦᠷᠭᠢᠯᠳᠦᠨ ᠥᠰᠬᠡᠬᠦ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠵᠦᠢ ᠪᠤᠰᠤ ᠦᠨ᠎ᠡ ᠬᠠᠩᠰᠢ ᠶᠢᠨ ᠦᠢᠯᠡ ᠠᠵᠢᠯᠯᠠᠭ᠎ᠠ ᠪᠠᠶᠢᠬᠤ ᠡᠰᠡᠬᠦ | ᠵᠡᠷᠭᠡ ᠶᠢ ᠪᠠᠶᠢᠴᠠᠭᠠᠪᠠ᠃ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠤᠰᠬᠠᠶ ᠵᠦᠢᠯ ᠤᠨ ᠪᠠᠶᠢᠴᠠᠭᠠᠯᠲᠠ ᠶᠢ ᠥᠷᠨᠢᠭᠦᠯᠬᠦ ᠪᠠᠷ | ᠳᠠᠮᠵᠢᠨ᠂ ᠵᠢᠭᠤᠯᠴᠢᠯᠠᠯ ᠤᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠡᠲᠡᠭᠡᠳ᠂ | ᠭᠤᠤᠯᠳᠠᠯᠭ᠎ᠠ ᠲᠠᠢ ᠴᠠᠭ ᠬᠤᠭᠤᠴᠠᠭ᠎ᠠ ᠳᠤ ᠴᠢᠭᠯᠡᠭᠦᠯᠦᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠷᠡᠭᠦᠯ ᠪᠥᠭᠡᠳ ᠡᠮᠬᠢ ᠵᠢᠷᠤᠮ ᠲᠠᠢ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠵᠤ᠂ ᠬᠡᠷᠡᠭᠯᠡᠭᠴᠢᠳ ᠤᠨ | ᠡᠷᠬᠡ ᠠᠰᠢᠭ ᠢ ᠢᠳᠡᠪᠬᠢᠲᠡᠶ ᠬᠠᠮᠠᠭᠠᠯᠠᠬᠤ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠥᠯᠳᠦᠬᠦ ᠶᠢ ᠠᠬᠢᠭᠤᠯᠬᠤ | ᠬᠢᠨᠠᠯᠲᠠ ᠬᠠᠮᠢᠶᠠᠷᠤᠯᠲᠠ ᠶᠢᠨ ᠳᠣᠬᠢᠶ᠎ᠠ ᠶᠢ ᠨᠡᠶᠢᠭᠡᠮ ᠨᠡᠶᠢᠲᠡ ᠳᠤ ᠳᠠᠮᠵᠢᠭᠤᠯᠪᠠ᠃ | | |