ᠠᠵᠤ ᠦᠢᠯᠡᠰ ᠤᠨ ᠬᠦᠷᠢᠶᠡᠯᠡᠩ᠄ ᠭᠤᠷᠪᠠᠨ ᠠᠷᠭ᠎ᠠ ᠬᠡᠮᠵᠢᠶ᠎ᠡ ᠪᠠᠷ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/5/14
     ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠨᠢ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ ᠰᠢᠪᠲᠤᠯᠤᠯᠲᠠ ᠶᠢᠨ ᠵᠣᠷᠢᠭ ᠢᠶᠠᠨ ᠬᠥᠪᠴᠢᠯᠡᠵᠦ᠂ ᠴᠢᠨᠠᠷ ᠰᠠᠶᠢᠲᠠᠶ ᠦᠢᠯᠡᠴᠢᠯᠡᠭᠡ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃         ᠪᠢᠲᠡᠭᠦᠦ ᠴᠠᠭᠠᠷᠢᠭ ᠢᠶᠠᠷ ᠦᠢᠯᠡᠴᠢᠯᠡᠵᠦ ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢᠨ ᠲᠣᠭᠲᠠᠴᠠ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠲᠥᠷᠥᠯ ᠵᠦᠢᠯ ᠢ ᠵᠣᠬᠢᠴᠠᠭᠤᠯᠬᠤ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ︽ᠲᠥᠷᠥᠯ ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ︽ᠠᠵᠢᠯ ᠢ ᠲᠣᠬᠢᠷᠠᠭᠤᠯᠬᠤ᠂ ᠠᠰᠠᠭᠤᠳᠠᠯ ᠢ ᠴᠤᠭᠯᠠᠭᠤᠯᠬᠤ᠂ ᠰᠢᠢᠳᠪᠦᠷᠢᠯᠡᠵᠦ ᠬᠠᠷᠢᠭᠤ ᠲᠤᠰᠬᠠᠬᠤ ︾ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃ 2024 ᠣᠨ ᠳᠤ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠶᠢ ᠪᠠᠲᠤᠯᠠᠬᠤ ᠲᠠᠯ᠎ᠠ ᠶᠢᠨ ᠠᠰᠠᠭᠤᠳᠠᠯ ᠢ ᠨᠡᠶᠢᠲᠡ 18 ᠰᠢᠢᠳᠪᠦᠷᠢᠯᠡᠵᠦ᠂ ᠬᠦᠷᠢᠶᠡᠯᠡᠩ ᠳᠤ ᠣᠷᠣᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠷᠤᠭ 10 % ᠪᠠᠷ ᠳᠡᠭᠡᠭᠰᠢᠯᠡᠭᠦᠯᠪᠡ᠃         ᠤᠷᠢᠳᠴᠢᠯᠠᠨ ᠦᠢᠯᠡᠴᠢᠯᠡᠵᠦ᠂ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠢᠳᠡᠪᠬᠢᠲᠡᠢ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠨᠢ ︽ᠲᠥᠷᠥᠯ ᠵᠦᠢᠯ ᠤᠨ ᠬᠠᠮᠢᠶᠠᠷᠤᠭᠴᠢ ᠶᠢᠨ ᠣᠷᠣᠯᠠᠨ ᠭᠦᠢᠴᠡᠳᠬᠡᠬᠦ ᠲᠤᠰᠬᠠᠢ ᠠᠩᠭᠢ︾ ᠶᠢᠨ ᠵᠠᠭᠪᠤᠷ ᠢᠶᠠᠷ ᠲᠤᠰᠬᠠᠢ ᠠᠩᠭᠢ ᠲᠤᠰᠬᠠᠢ ᠬᠥᠮᠥᠨ ᠢ ᠨᠠᠶᠢᠳᠠᠪᠤᠷᠢᠵᠢᠭᠤᠯᠵᠤ᠂ ᠭᠦᠢᠴᠡᠳᠬᠡᠬᠦ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠡᠮᠦᠨ᠎ᠡ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠣᠷᠣᠯᠠᠨ ᠭᠦᠢᠴᠡᠳᠬᠡᠵᠦ᠂ ︽ᠠᠵᠤ ᠠᠬᠤᠶᠢᠯᠠᠯ ᠭᠦᠶᠦᠬᠦ︾ ᠶᠢ ︽ᠰᠠᠯᠠᠭ᠎ᠠ ᠮᠥᠴᠢᠷ ᠭᠦᠶᠦᠯᠭᠡᠬᠦ︾ ᠪᠣᠯᠭᠠᠨ ᠬᠤᠪᠢᠷᠠᠭᠤᠯᠤᠨ᠎ᠠ᠃ 2024 ᠣᠨ ᠳᠤ ᠨᠡᠶᠢᠲᠡ 643 ᠮᠥ ᠭᠠᠵᠠᠷ ᠬᠠᠩᠭᠠᠵᠤ᠂ ᠠᠷᠠᠯᠵᠢᠶᠠᠴᠢᠨ ᠤᠷᠢᠬᠤ ᠲᠥᠷᠥᠯ ᠵᠦᠢᠯ ᠨᠢ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠶᠢ ᠪᠡᠶᠡᠯᠡᠭᠦᠯᠪᠡ᠃        ᠭᠠᠵᠠᠷ ᠰᠢᠷᠣᠶ ᠶᠢ ᠲᠡᠭᠰᠢᠯᠡᠵᠦ᠂ ᠬᠦᠷᠢᠶᠡᠯᠡᠩ ᠲᠣᠭᠤᠷᠢᠭ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠷᠢᠮᠲᠠᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠲᠣᠨᠤᠭ ᠲᠥᠬᠦᠭᠡᠷᠦᠮᠵᠢ  ᠦᠢᠯᠡᠳᠬᠦ ᠣᠷᠣᠨ ᠬᠡᠰᠡᠭ ᠴᠢᠯᠠᠭᠤ ᠲᠡᠭᠰᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠪᠠᠷᠤᠭ 1500 ᠮᠦ ᠭᠠᠵᠠᠷ ᠰᠢᠷᠣᠶ ᠶᠢ ᠲᠡᠭᠰᠢᠯᠡᠵᠦ᠂ ᠰᠢᠷᠣᠶ ᠴᠢᠯᠠᠭᠤᠨ ᠤ ᠠᠵᠢᠯ ᠤᠨ ᠬᠡᠮᠵᠢᠶ᠎ᠡ ᠪᠠᠷᠤᠭ 400 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠪᠠ᠃ ᠪᠠᠷᠢᠯᠭ᠎ᠠ ᠳᠠᠭᠤᠰᠤᠭᠰᠠᠨ ᠤ ᠳᠠᠷᠠᠭ᠎ᠠ᠂  ᠪᠧᠨ ᠶᠤᠸᠠᠨ ᠱᠢ ᠳ᠋ᠠᠢ᠂ ᠰᠢᠩ ᠬᠤᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠬᠤᠶᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠬᠦᠴᠦᠲᠡᠶ ᠳᠥᠯᠭᠢᠨ  ᠠᠬᠢᠭᠤᠯᠬᠤ ᠪᠣᠯᠤᠨ᠎ᠠ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号