ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ | ᠵᠠᠯᠠᠭᠤ ᠪᠠᠭ᠎ᠠ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂5 | ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠵᠢᠨᠵᠦ᠋ᠪᠯᠡᠯ | ᠲᠦᠷᠦᠭᠦᠯᠡᠨ ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠤᠲᠠ ᠵᠢᠨᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠰᠤᠷᠭᠠᠨᠬᠥ᠋ᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠲᠣᠭᠤᠷᠢᠭ ᠤᠨ 20 | ᠳᠤᠮᠳᠠᠳᠤᠪᠠᠭᠠ ᠰᠤᠷᠭᠠᠭᠤᠯᠢ ᠶᠢᠨ ᠡᠷᠬᠢᠨ ᠲᠣᠭᠤᠷᠢᠨ ᠳᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠣᠷᠴᠢᠨᠲ᠋ᠣᠭᠤᠷᠢᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠳᠡᠯᠭᠡᠭᠦᠷ᠂ | ᠢᠳᠡᠭᠡᠨ ᠤᠮᠳᠠᠭᠠᠨ ᠤ ᠳᠡᠯᠭᠡᠭᠦᠷ᠂ ᠨᠣᠮ ᠤᠨ ᠳᠡᠯᠭᠡᠭᠦᠷ᠂ ᠵᠢᠵᠢᠭ ᠳᠡᠯᠭᠡᠭᠦᠷᠴᠢᠨ᠂ ᠵᠢᠵᠢᠭ ᠵᠣᠴᠢᠳ ᠤᠨ | ᠪᠠᠭᠤᠳᠠᠯᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠭᠤᠤᠯᠳᠠᠯᠭ᠎ᠠ ᠲᠠᠢ ᠴᠢᠭᠯᠡᠭᠦᠯᠦᠨ᠂ ᠳᠡᠯᠭᠡᠭᠦᠷ ᠲᠤ | ᠨᠠᠰᠤᠨ ᠳᠤ ᠥᠯᠥᠭᠦ᠋ᠷᠦᠭᠰᠡᠳ ᠲᠤ ᠠᠷᠢᠬᠢ ᠲᠠᠮᠠᠬᠢ ᠬᠤᠳᠠᠯᠳᠤᠬᠤ᠂ ᠢᠳᠡᠭᠡᠨ ᠤᠮᠳᠠᠭᠠᠨ ᠤ ᠳᠡᠯᠭᠡᠭᠦᠷ ᠤᠨ | ᠢᠳᠡᠭᠡᠨ ᠤᠮᠳᠠᠭᠠᠨ ᠤᠠᠷᠢᠭᠤᠨ ᠴᠡᠪᠡᠷ ᠨᠢ ᠬᠢᠷᠢ ᠲᠡᠩᠴᠡᠭᠰᠡᠨ ᠡᠰᠡᠬᠦ᠂ ᠨᠣᠮ ᠤᠨ ᠳᠡᠯᠭᠡᠭᠦᠷ ᠲᠤ ᠨᠠᠰᠤᠨ ᠳᠤ | ᠥᠯᠥ ᠭᠦᠷᠦᠭᠰᠡᠳ ᠤᠨᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭ ᠥᠬᠡᠶ ᠨᠣᠮ ᠪᠢᠴᠢᠭ ᠪᠠᠶᠢᠬᠤ ᠡᠰᠡᠬᠦ᠂ | ᠰᠤᠷᠭᠠᠭᠤᠯᠢ ᠶᠢᠨ ᠡᠷᠬᠢᠨᠲ᠋ᠣᠭᠤᠷᠢᠨ ᠤ 200 ᠮᠧᠲᠷ ᠤᠨ ᠬᠡᠪᠴᠢᠶᠡᠨ ᠳᠤ ᠨᠡᠭᠦᠳᠡᠯ ᠳᠡᠯᠭᠡᠭᠦᠷᠴᠢᠨ ᠪᠠᠶᠢᠬᠤ ᠡᠰᠡᠬᠦ᠂ | ᠪᠠᠭᠤᠳᠠᠯ ᠳ᠋ᠤ᠋ᠨᠠᠰᠤᠨ ᠳᠤ ᠥᠯᠥ ᠭᠦᠷᠦᠭᠰᠡᠳ ᠢ ᠬᠠᠤᠯᠢ ᠪᠤᠰᠤ ᠪᠠᠷ ᠦᠯᠡᠳᠡᠭᠡᠨ ᠬᠤᠨᠤᠭᠤᠯᠵᠤ ᠪᠠᠶᠢᠬᠤ ᠡᠰᠡᠬᠦ | ᠵᠡᠷᠭᠡ ᠦᠵᠡᠭᠳᠡᠯᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ᠂ ᠬᠠᠤᠯᠢ | ᠬᠡᠷᠡᠭᠵᠢᠭᠦᠯᠬᠦ ᠠᠵᠢᠯᠲᠡᠨᠨᠢᠭᠡ ᠨᠣᠮ ᠤᠨ ᠳᠡᠯᠭᠡᠭᠦᠷ ᠲᠤ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ | ᠪᠤᠶᠢᠵᠢᠬᠤ ᠳᠤ ᠠᠰᠢᠭ ᠥᠬᠡᠶᠨᠣᠮ ᠪᠢᠴᠢᠭ ᠢ ᠣᠯᠵᠤ᠂ ᠬᠠᠤᠯᠢ ᠬᠡᠷᠡᠭᠵᠢᠭᠦᠯᠬᠦ ᠠᠵᠢᠯᠲᠠᠨ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠨᠣᠮᠪᠢᠴᠢᠭ ᠢ ᠬᠤᠷᠢᠶᠠᠨ ᠠᠪᠤᠭᠰᠠᠨ ᠪᠥᠭᠡᠳ ᠠᠮᠠ ᠪᠠᠷ ᠰᠡᠷᠡᠮᠵᠢᠯᠡᠭᠦᠯᠪᠡ᠃ ᠨᠢᠭᠡ ᠢᠳᠡᠭᠡᠨ | ᠤᠮᠳᠠᠭᠠᠨ ᠤᠲ᠋ᠡᠯᠭᠡᠭᠦᠷ ᠤᠨ ᠢᠳᠡᠭᠡᠨ ᠤ ᠠᠷᠢᠭᠤᠨ ᠴᠡᠪᠡᠷ ᠬᠢᠷᠢ ᠲᠡᠩᠴᠡᠭᠰᠡᠨ ᠥᠬᠡᠶ ᠪᠠᠶᠢᠬᠤ ᠶᠢ ᠮᠡᠳᠡᠵᠦ᠂ | ᠬᠠᠤᠯᠢᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ | ᠪᠢᠴᠢᠭᠪᠠᠭᠤᠯᠭᠠᠵᠤ᠂ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠣᠯᠠᠩᠬᠢᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠰᠤᠷᠭᠠᠭᠤᠯᠢ ᠡᠬᠢᠯᠡᠬᠦ ᠦᠶ᠎ᠡ ᠳᠤ ᠨᠡᠭᠦᠳᠡᠯ | ᠳᠡᠯᠭᠡᠭᠦᠷᠴᠢᠨᠪᠠᠶᠢᠪᠠᠯ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ | ᠡᠷᠴᠢᠮ ᠵᠶ᠋ᠠᠨᠦᠷᠭᠦᠯᠵᠢᠯᠡᠨ ᠴᠢᠩᠭᠠᠷᠠᠭᠤᠯᠵᠤ᠂ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ | ᠪᠠᠲᠤᠯᠠᠨ᠎ᠠ᠃ | | |