ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠷᠤᠢ ᠶᠢᠨ ᠰᠦᠮ᠎ᠡ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/16
    5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠨᠠᠷ ᠰᠤᠮᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠴᠤ᠂ ᠰᠤᠮᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠬᠡᠯᠪᠡᠷᠢ ᠪᠠᠷ᠂ ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠬᠤᠭᠤᠴᠠᠭᠠᠨ ᠤ ᠠᠵᠢᠯᠯᠠᠭᠠᠨ ᠤ ᠦᠨᠡᠯᠡᠨ ᠵᠢᠱᠢᠬᠦ ᠠᠵᠢᠯ ᠤᠨ ︽ᠳᠥᠷᠪᠡᠨ ᠲᠥᠷᠥᠯ︾ ᠤᠨ ᠬᠥᠮᠦᠰ ᠢ ᠤᠷᠢᠳᠴᠢᠯᠠᠨ ᠰᠡᠷᠡᠮᠵᠢᠯᠡᠭᠦᠯᠬᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠦᠬᠦ᠋ᠢᠯᠡ ᠰᠢᠶᠠᠩ ᠤᠨ ᠵᠢᠱᠢᠶ᠎ᠡ ᠦᠵᠡᠭᠦᠯᠬᠦ︾᠂ ︽ᠪᠦᠬᠦ᠋ᠢᠯᠡ ᠲᠣᠰᠬᠤᠨ ᠢ ᠡᠭᠦᠳᠦᠨ ᠪᠠᠶᠢᠭᠤᠯᠬᠤ︾ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠨᠢᠭᠡ ᠳᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠡᠯ᠎ᠡ ᠵᠦᠢᠯ ᠤᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠤᠰᠤᠳ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠲᠠᠢ ᠪᠠᠶᠢᠷᠢᠯᠠᠭᠤᠯᠤᠯᠲᠠ ᠶᠢᠨ ᠲᠠᠯ᠎ᠠ ᠪᠠᠷ ᠬᠠᠷᠢᠯᠴᠠᠨ ᠬᠠᠮᠵᠢᠯᠴᠠᠵᠤ᠂ ᠬᠡᠷᠡᠭᠵᠢᠭᠦᠯᠬᠦ ᠳᠤᠮᠳᠠ ᠬᠠᠷᠢᠯᠴᠠᠨ ᠠᠬᠢᠭᠤᠯᠬᠤ ᠬᠡᠷᠡᠭᠲᠡᠢ᠃ ᠬᠤᠶᠠᠷ ᠲᠤ᠂ ᠲᠡᠷᠢᠭᠦᠨ ᠤ ᠲᠤᠷᠰᠢᠯᠭ᠎ᠠ ᠶᠢ ᠪᠠᠷᠢᠮᠵᠢᠶ᠎ᠠ ᠲᠠᠢ ᠬᠠᠷᠭᠤᠭᠤᠯᠵᠤ᠂ ᠬᠡᠪ ᠳᠠᠭᠤᠷᠢᠶᠠᠯ ᠢ ᠴᠢᠳᠠᠮᠠᠭᠠᠢ ᠪᠠᠷ ᠠᠪᠴᠤ᠂ ᠥᠪᠡᠷ ᠤᠨ ᠳᠤᠳᠠᠭᠳᠠᠯ ᠢᠶᠠᠨ ᠨᠥᠬᠦᠪᠥᠷᠢᠯᠡᠵᠦ᠂ ᠬᠡᠪ ᠳᠠᠭᠤᠷᠢᠶᠠᠯ ᠢ ᠰᠤᠷᠤᠯᠴᠠᠵᠤ᠂ ᠥᠪᠡᠷ ᠤᠨ ᠰᠢᠨ᠎ᠡ ᠶᠢ ᠡᠭᠦᠳᠴᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ︽ᠪᠦᠬᠦ᠋ᠢᠯᠡ ᠰᠢᠶᠠᠩ ᠢᠶᠠᠷ ᠵᠢᠱᠢᠶ᠎ᠡ ᠦᠵᠡᠭᠦᠯᠬᠦ︾ ᠵᠡᠷᠭᠡ ᠠᠵᠢᠯ ᠤᠨ ᠳᠤᠮᠳᠠ ᠣᠨᠴᠠᠯᠢᠭ ᠲᠠᠢ ᠬᠢᠯᠠᠰ ᠴᠡᠭ ᠢ ᠡᠭᠦᠳᠬᠦ ᠬᠡᠷᠡᠭᠲᠡᠢ᠃ ᠭᠤᠷᠪᠠ ᠳᠤ᠂ ᠭᠠᠷᠳᠠᠬᠤ ᠴᠡᠭ  ᠬᠦᠴᠦᠯᠡᠬᠦ ᠴᠡᠭ ᠢ ᠣᠨᠣᠪᠴᠢᠲᠠᠢ ᠣᠯᠵᠤ᠂ ᠤᠨᠴᠠᠯᠢᠭᠳᠤ ᠳᠠᠪᠠᠭᠤᠯᠢᠭ ᠢ ᠭᠦᠨᠵᠡᠭᠡᠢ ᠠᠭᠤᠳᠠᠯᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠡᠭᠦᠷ  ᠢᠶᠠᠷ ᠳᠠᠭᠠᠭᠤᠯᠬᠤ +ᠨᠠᠮ ᠤᠨ ᠳᠤᠭᠤᠶᠢᠯᠠᠩ ᠢᠶᠠᠷ ᠬᠤᠯᠪᠤᠭᠠᠯᠠᠬᠤ +  ᠨᠠᠮ ᠤᠨ ᠭᠡᠰᠢᠭᠦᠨ ᠢᠶᠠᠷ ᠳᠠᠶᠢᠴᠢᠯᠠᠬᠤ︾ ᠠᠷᠭ᠎ᠠ ᠬᠡᠯᠪᠡᠷᠢ ᠶᠢ ᠠᠪᠴᠤ᠂ ︽ᠨᠠᠮ ᠤᠨ ᠪᠠᠶᠢᠭᠤᠯᠤᠯᠲᠠ + ᠬᠦᠷᠢᠶᠡᠨ ᠤ ᠠᠵᠤ ᠠᠬᠤᠢ︾᠂ ︽ᠪᠦᠬᠦ᠋ᠢᠯᠡ ᠲᠣᠰᠬᠤᠨ ᠢ ᠡᠭᠦᠳᠦᠨ ᠪᠠᠶᠢᠭᠤᠯᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号