ᠠᠤᠬᠠᠨ  ᠬᠤᠰᠢᠭᠤᠨ ᠤ 2023 ᠣᠨ ᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ  ᠪᠠᠶᠢᠰᠢᠩ ᠤᠨ ᠪᠠᠷᠢᠯᠭ᠎ᠠ ᠶᠢᠨ ᠠᠵᠢᠯ ᠳᠠᠭᠤᠰᠬᠤ  ᠬᠤᠭᠤᠴᠠᠭᠠᠨ ᠳᠤ ᠣᠷᠤᠪᠠ
ᠨᠡᠶᠢᠲᠡᠯᠡᠭᠰᠡᠨ ᠴᠠᠭ᠄
2024/5/16
    ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 2023 ᠣᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 2024 ᠣᠨ ᠤ 4 ᠰᠠᠷ᠎ᠠ ᠳᠤ ᠠᠵᠢᠯ ᠢᠶᠠᠨ ᠰᠡᠷᠭᠦᠭᠡᠵᠦ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 9000 ᠲᠦᠮᠡᠨ ᠲᠥᠭᠦᠷᠢᠭ ᠪᠠᠶᠢᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠢ ᠨᠡᠶᠢᠲᠡ 13 ᠪᠠᠶᠢᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 11.3 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠠᠵᠢᠯ ᠢᠶᠠᠨ ᠰᠡᠷᠭᠦᠭᠡᠭᠰᠡᠨ ᠠᠴᠠ ᠨᠠᠰᠢ᠂ ︽ᠲᠥᠷᠥᠯ ᠵᠦᠢᠯ ᠤᠨ ᠬᠠᠮᠢᠶᠠᠷᠤᠭᠴᠢ︾ ᠪᠠᠷᠢᠯᠭ᠎ᠠ ᠶᠢᠨ ᠲᠤᠬᠠᠶ ᠶᠢᠨ ᠲᠠᠯᠠᠪᠠᠢ ᠶᠢ ᠵᠢᠵᠢᠭᠦᠷᠯᠡᠨ ᠰᠠᠬᠢᠵᠤ᠂ ᠦᠢᠯᠡᠳᠪᠦᠷᠢ ᠶᠢᠨ ᠲᠠᠰᠤᠭ ᠤᠨ ᠳᠣᠲᠣᠭᠠᠳᠤ ᠶᠢᠨ ᠵᠠᠰᠠᠵᠤ ᠴᠢᠮᠡᠭᠯᠡᠬᠦ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠰᠠᠬᠢᠵᠤ᠂ ᠵᠢᠱᠢᠯᠲᠡ ᠪᠠᠷ 6 ᠰᠠᠷ᠎ᠠ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠣᠯᠤᠨ᠎ᠠ᠃    ᠲᠣᠰ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠠᠤᠬᠠᠨ ᠤ ᠨᠠᠷᠠᠲᠤ ᠰᠢᠯᠢᠳᠡᠭ ᠤᠨᠴᠠᠯᠢᠭᠳᠤ ᠪᠦᠲᠦᠭᠡᠭᠳᠡᠬᠦᠨ ᠤ ᠠᠵᠤ ᠠᠬᠤᠶᠢᠯᠠᠯ 10  ᠢ ᠪᠠᠭᠲᠠᠭᠠᠵᠤ᠂ ᠨᠠᠷᠢᠮᠤ᠂    ᠨᠠᠩᠬᠢ ᠡᠷᠳᠡᠨᠢ ᠰᠢᠰᠢ᠂ ᠵᠢᠮᠢᠰ ᠡᠷᠳᠡᠨᠢ ᠰᠢᠰᠢ ᠵᠡᠷᠭᠡ ᠠᠤᠬᠠᠨ ᠤ ᠤᠨᠴᠠᠯᠢᠬᠳᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠪᠡᠶᠡᠯᠡᠭᠦᠯᠵᠦ᠂ ᠲᠠᠷᠢᠮᠠᠯ ᠤᠨ ᠪᠦᠲᠦᠴᠡ ᠶᠢᠨ ᠬᠤᠪᠢᠷᠠᠯᠲᠠ ᠶᠢ ᠳᠠᠶᠢᠴᠢᠯᠠᠨ᠂ ︽ᠭᠤᠷᠪᠠᠨ ᠠᠵᠤ ᠦᠢᠯᠡᠰ ᠢ ᠠᠭᠤᠰᠤᠯᠴᠠᠭᠤᠯᠬᠤ︾ ᠤᠨᠴᠠᠯᠢᠭᠳᠤ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号