ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ | ᠭᠤᠷᠪᠠᠳᠤᠭᠠᠷ ᠬᠤᠭᠤᠴᠠᠭᠠᠨ ᠤ ᠭᠡᠰᠢᠭᠦᠳ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠥᠪᠥᠷ | ᠮᠣᠩᠭᠤᠯ ᠤᠨ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠶᠠᠪᠤᠭᠳᠠᠵᠤ᠂ ᠪᠣᠯᠪᠠᠰᠤᠷᠠᠯ ᠳᠤ ᠣᠷᠣᠯᠴᠠᠭᠰᠠᠨ | ᠴᠧᠨ ᠱᠠ ᠨᠠ᠂ ᠮᠧᠩ ᠰᠢᠶᠠᠨ ᠮᠧᠶ᠂ ᠴᠢᠨ ᠯᠢ ᠮᠧᠶ᠂ ᠵᠠᠩ ᠪᠥᠸᠧ ᠵᠧᠦ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ 4 ᠭᠡᠰᠢᠭᠦᠨ ᠠᠤᠬᠠᠨ | ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡᠨ ᠤ ᠨᠥᠬᠦᠴᠡᠯ ᠬᠠᠷᠢᠴᠠᠩᠭᠤᠶ ᠪᠠᠭᠤᠷᠠᠶ᠂ ᠣᠯᠠᠨ ᠲᠦᠮᠡᠨ ᠤ | ᠥᠨᠳᠥᠷ ᠬᠢᠷᠢ ᠲᠦᠪᠰᠢᠨ ᠲᠠᠢ ᠣᠨᠣᠰᠢᠯᠠᠨ ᠡᠮᠨᠡᠬᠦ ᠦᠢᠯᠡᠴᠢᠯᠡᠭᠡ ᠶᠢᠨ ᠬᠡᠷᠡᠭᠴᠡᠭᠡ ᠨᠡᠯᠢᠶᠡᠳ ᠴᠢᠩᠭ᠎ᠠ ᠪᠠᠶᠢᠬᠤ ᠶᠢ | ᠣᠶᠢᠯᠠᠭᠠᠵᠤ᠂ ᠨᠡᠪᠲᠡᠷᠡᠯᠴᠡᠨ ᠵᠣᠯᠭᠠᠭᠤᠯᠬᠤ ᠪᠠᠷ ᠳᠡᠮᠵᠢᠨ᠂ 5 ᠰᠠᠷ᠎ᠠ ᠶᠢᠨ 16 ᠤ ᠡᠳᠦᠷ᠂ 4 ᠭᠡᠰᠢᠭᠦᠨ ᠠᠤᠬᠠᠨ | ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ | ᠣᠯᠠᠨ ᠲᠦᠮᠡᠨ ᠳᠤ ︽ᠠᠷᠠᠳ ᠲᠦᠮᠡᠨ ᠳᠤ ᠦᠢᠯᠡᠴᠢᠯᠡᠬᠦ ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠪᠡ᠃ | 16 ᠤ ᠡᠳᠦᠷ᠂ 4 ᠲᠤᠰᠬᠠᠢ ᠮᠡᠷᠭᠡᠵᠢᠯᠲᠡᠨ ᠤ ᠡᠪᠡᠳᠴᠢᠨ ᠤ ᠡᠭᠦᠳᠡᠨ ᠳᠡᠭᠡᠷ᠎ᠡ ᠨᠢᠭᠡᠨᠲᠡ ᠤᠷᠲᠤ | ᠮᠥᠷᠯᠡᠵᠦ᠂ ᠮᠠᠰᠢ ᠣᠯᠠᠨ ᠡᠪᠡᠳᠴᠢᠲᠡᠨ ᠬᠦᠷᠴᠦ ᠢᠷᠡᠪᠡ᠃ ᠭᠡᠰᠢᠭᠦᠳ ᠡᠮᠴᠢ ᠶᠢᠨ ᠥᠷᠥᠭᠡᠨ ᠳᠤ ᠣᠷᠣᠭᠰᠠᠨ ᠤ | ᠳᠠᠷᠠᠭ᠎ᠠ ᠶᠠᠭᠠᠷᠠᠯᠲᠠᠢ ᠠᠵᠢᠯᠯᠠᠵᠤ᠂ ᠡᠪᠡᠳᠴᠢᠨ ᠤ ᠪᠠᠶᠢᠳᠠᠯ ᠢ ᠠᠰᠠᠭᠤᠨ ᠯᠠᠪᠯᠠᠵᠤ᠂ ᠰᠤᠳᠠᠯ ᠪᠠᠷᠢᠵᠤ ᠣᠨᠤᠰᠢᠯᠠᠬᠤ᠂ | ᠪᠠᠭᠠᠵᠢ ᠬᠡᠷᠡᠭᠰᠡᠯ ᠤᠨ ᠪᠠᠶᠢᠴᠠᠭᠠᠯᠲᠠ᠂ ᠮᠡᠳᠡᠭᠦᠯᠦᠯᠲᠡ ᠶᠢ ᠵᠠᠳᠠᠯᠬᠤ ᠁ ᠡᠪᠡᠳᠴᠢᠲᠡᠨ ᠨᠢᠭᠡᠪᠦᠷᠢ ᠳᠤ | ᠡᠪᠡᠳᠴᠢᠨ ᠤ ᠪᠠᠶᠢᠳᠠᠯ ᠢ ᠬᠦᠯᠢᠴᠡᠩᠭᠦᠶ ᠪᠥᠭᠡᠳ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠮᠠᠳᠠᠭ ᠲᠠᠢ | ᠠᠰᠠᠭᠤᠳᠠᠯ ᠢ ᠲᠠᠶᠢᠯᠪᠤᠷᠢᠯᠠᠨ ᠥᠭᠴᠦ᠂ ᠲᠤᠰᠬᠠᠶ ᠮᠡᠷᠭᠡᠵᠢᠯ ᠤᠨ ᠡᠮᠨᠡᠨ ᠵᠠᠰᠠᠬᠤ ᠲᠥᠰᠦᠯ ᠢ ᠭᠠᠷᠭᠠᠵᠤ ᠦᠭᠭᠦᠨ᠎ᠡ ᠃ | | ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ 90 ᠭᠠᠷᠤᠶ | ᠡᠪᠡᠳᠴᠢᠲᠡᠨ ᠢ ᠣᠨᠣᠰᠢᠯᠠᠨ ᠵᠠᠰᠠᠵᠤ᠂ ᠲᠤᠰᠬᠠᠶ ᠮᠡᠷᠭᠡᠵᠢᠯ ᠤᠨ ᠪᠥᠭᠡᠳ ᠳᠣᠲᠣᠨᠣ ᠦᠢᠯᠡᠴᠢᠯᠡᠭᠡ ᠨᠢ ᠦᠨᠳᠦᠰᠦᠨ | ᠱᠠᠲᠤᠨ ᠤ ᠣᠯᠠᠨ ᠲᠦᠮᠡᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠲᠣᠰ | ᠤᠳᠠᠭᠠᠨ ᠤ ᠠᠵᠢᠯᠯᠠᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠭᠡᠰᠢᠭᠦᠳ ᠲᠤᠰᠬᠠᠶ ᠮᠡᠷᠭᠡᠵᠢᠯ ᠤᠨ | ᠣᠨᠴᠠ ᠴᠢᠳᠠᠪᠤᠷᠢ ᠪᠠᠨ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠣᠯᠠᠨ ᠲᠦᠮᠡᠨ ᠲᠠᠢ | ᠣᠶᠢᠷᠠᠳᠤᠵᠤ᠂ ︽ᠭᠡᠰᠢᠭᠦᠳ ᠤᠨ ᠳᠠᠰᠬᠠᠯ︾ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠢᠴᠢᠭᠯᠡᠵᠦ᠂ | ᠠᠷᠠᠳ ᠣᠯᠠᠨ ᠤ ᠰᠡᠳᠬᠢᠯ ᠳᠤ ᠬᠠᠳᠠᠩᠰᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠠᠷᠢᠭᠤᠴᠠᠯᠭ᠎ᠠ ᠪᠠ | ᠡᠭᠦᠷᠭᠡᠯᠡᠯ ᠢᠶᠠᠨ ᠭᠦᠢᠴᠡᠳ ᠢᠯᠡᠷᠡᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠠᠯᠪᠠᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠬᠤᠯᠪᠣᠭ᠎ᠠ ᠠᠪᠬᠤ ᠭᠠᠵᠠᠷ ᠤᠨ | ᠳᠠᠷᠤᠭ᠎ᠠ ᠴᠢᠦ ᠵᠢᠶᠦ᠋ᠨ ᠢᠦᠶ᠂ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠳᠠᠷᠤᠭ᠎ᠠ ᠪᠦᠦ ᠯᠢᠨ ᠵᠢᠶᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠠᠯᠪᠠᠨ ᠵᠢᠷᠤᠮ ᠤᠨ ᠡᠮᠴᠢᠯᠡᠭᠡᠨ ᠤ ᠭᠡᠰᠢᠭᠦᠳ ᠢ | ᠪᠣᠯᠭᠤᠭᠠᠨ ᠲᠣᠬᠤᠨᠢᠭᠤᠯᠪᠠ᠃ | |