ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/21
     ᠣᠶᠢᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ     ᠬᠤᠷᠠᠯ ᠠᠴᠠ ᠂  ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠵᠢᠴᠢ ︽ᠠᠤᠬᠠᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠰᠤᠷᠤᠯᠴᠠᠪᠠ᠃ ᠰᠤᠷᠤᠯᠴᠠᠯᠭ᠎ᠠ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠲᠠᠨ ᠠᠵᠢᠯᠴᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠦᠵᠡᠯᠲᠡ ᠶᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠪᠠᠷᠢᠮᠲᠠᠯᠠᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号