| ᠡᠨᠡ ᠵᠢᠯ ᠠᠴᠠ ᠨᠠᠰᠢ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠰᠢᠨ ᠾᠦᠢ ᠬᠤᠲᠠ ᠲᠣᠭᠤᠷᠢᠭ ᠤᠨ ᠢᠯᠴᠢ ᠬᠠᠩᠭᠠᠬᠤ ᠲᠥᠬᠦᠭᠡᠷᠦᠮᠵᠢ ᠶᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ 2024 ᠣᠨ ᠤ ︽ᠳᠤᠯᠠᠭᠠᠴᠠᠯ ᠤᠨ ᠢᠨᠵᠧᠨᠧᠷᠢᠩ︾ ᠤᠨ ᠲᠥᠷᠥᠯ | ᠵᠦᠢᠯ ᠢ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠶᠢ 1.21 ᠳ᠋ᠦᠩᠰᠢᠭᠤᠷ ᠲᠥᠭᠦᠷᠢᠭ ᠲᠥᠯᠥᠪᠯᠡᠵᠦ᠂ | 2024 ᠣᠨ—2026 ᠣᠨ ᠤ ᠬᠤᠭᠤᠴᠠᠭᠠᠨ ᠳᠤ ᠭᠤᠤᠯᠳᠠᠭᠤ ᠬᠤᠶᠠᠳᠤᠭᠠᠷ ᠳᠡᠰ ᠤᠨ ᠢᠯᠴᠢ ᠬᠠᠩᠭᠠᠬᠤ | ᠬᠤᠭᠤᠯᠠᠶ ᠶᠢᠨ ᠲᠣᠤᠷ ᠢ 49.2 ᠺᠢᠯᠦᠮᠧᠲᠷ ᠥᠭᠡᠷᠡᠴᠢᠯᠡᠵᠦ᠂ 45 ᠵᠢᠵᠢᠭ ᠲᠣᠭᠤᠷᠢᠭ᠂ 461 ᠠᠰᠠᠷ᠂ | ᠰᠠᠭᠤᠭᠠᠯᠢ ᠠᠷᠠᠳ ᠲᠤ ᠠᠰᠢᠭ ᠬᠦᠷᠲᠡᠭᠡᠨ᠎ᠡ᠃ ᠡᠭᠦᠨ ᠳᠤ᠂ 2024 ᠣᠨ ᠳᠤ 1890 ᠲᠦᠮᠡᠨ ᠲᠥᠭᠦᠷᠢᠭ ᠤᠨ | ᠪᠠᠯᠠ ᠣᠷᠣᠭᠤᠯᠬᠤ ᠪᠠᠷ ᠲᠥᠯᠥᠪᠯᠡᠵᠦ᠂ ᠨᠢᠭᠡᠳᠦᠭᠡᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ 1.71 | ᠺᠢᠯᠦᠮᠧᠲᠷ ᠥᠭᠡᠷᠡᠴᠢᠯᠡᠨ᠎ᠡ᠃ ᠣᠳᠣ ᠨᠢᠭᠡᠨᠲᠡ ᠠᠵᠢᠯ ᠡᠬᠢᠯᠡᠭᠦᠯᠵᠦ᠂ 295 ᠲᠦᠮᠡᠨ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠬᠤᠰᠢᠭᠤᠨ ᠤ ᠬᠤᠷᠠᠯ ᠤᠨ ᠲᠥᠪ᠂ ᠬᠠᠭᠤᠴᠢᠨ ᠠᠮᠤ ᠪᠤᠳᠠᠭᠠᠨ ᠤ | ᠲᠣᠪᠴᠢᠶ᠎ᠠ ᠶᠢᠨ ᠣᠷᠣᠨ ᠰᠠᠭᠤᠴᠠ ᠶᠢᠨ ᠠᠰᠠᠷ᠂ ᠴᠡᠴᠡᠷᠯᠢᠭ ᠤᠨ ᠵᠢᠵᠢᠭ ᠲᠣᠭᠤᠷᠢᠭ ᠤᠨ ᠣᠷᠣᠨ ᠰᠠᠭᠤᠴᠠ ᠶᠢᠨ | ᠠᠰᠠᠷ ᠵᠡᠷᠭᠡ ᠣᠷᠣᠨ ᠪᠦᠰᠡ ᠶᠢᠨ ᠬᠤᠶᠠᠳᠤᠭᠠᠷ ᠳᠡᠰ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ | ᠪᠠᠷᠢᠯᠭ᠎ᠠ ᠶᠢ 1.2 ᠺᠢᠯᠦᠮᠧᠲᠷ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︽ᠪᠠᠷᠢᠯᠭ᠎ᠠ ᠶᠢᠨ ᠠᠵᠢᠯ ᠤᠨ ᠨᠥᠯᠥᠭᠡ ᠶᠢ ᠬᠠᠮᠤᠭ ᠤᠨ ᠪᠠᠭ᠎ᠠ ᠪᠣᠯᠭᠠᠵᠤ᠂ ᠣᠯᠠᠨ | ᠲᠦᠮᠡᠨ ᠳᠤ ᠲᠥᠬᠦᠮ ᠦᠵᠡᠭᠦᠯᠬᠦ︾ ᠵᠠᠷᠴᠢᠮ ᠶᠣᠰᠣᠭᠠᠷ᠂ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ | ᠠᠵᠢᠯ ᠤᠨ ᠲᠠᠰ ᠳᠠᠷᠠᠭᠠᠯᠠᠯ ᠢ ᠵᠢᠭᠰᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ | ᠡᠯᠭᠦᠭᠡ ᠵᠢᠷᠤᠭ ᠢᠶᠠᠷ ᠪᠠᠶᠢᠯᠳᠤᠭᠠᠨ ᠬᠢᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ᠂ ᠬᠠᠮᠤᠭ ᠤᠨ ᠥᠨᠳᠥᠷ | ᠦᠷ᠎ᠡ ᠪᠦᠲᠦᠮᠵᠢ ᠪᠠᠷ ᠥᠭᠡᠷᠡᠴᠢᠯᠡᠬᠦ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠪᠠᠷ ᠴᠢᠷᠮᠠᠶᠢᠵᠤ᠂ ︽ | ᠳᠤᠯᠠᠭᠠᠴᠠᠯ ᠤᠨ ᠢᠨᠵᠧᠨᠧᠷᠢᠩ︾ ᠢ ᠣᠯᠠᠨ ᠲᠦᠮᠡᠨ ᠳᠤ ᠲᠠᠭᠠᠰᠢᠶᠠᠭᠰᠠᠨ᠂ ᠬᠤᠲᠠ ᠳᠤ ᠥᠩᠭᠡ ᠬᠡᠷᠡᠯ | ᠨᠡᠮᠡᠷᠢᠯᠡᠭᠰᠡᠨ ᠰᠣᠳᠣᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠬᠠᠯᠠᠭᠤᠨ ᠳᠤᠯᠠᠭᠠᠨ | ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ |