| ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠥᠪ ᠤᠨ | ᠲᠥᠰᠦᠪ ᠤᠨ ᠳᠣᠲᠣᠷᠠᠬᠢ ᠪᠠᠯᠠ ᠮᠥᠩᠭᠦ ᠪᠠ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ | ᠲᠥᠷᠥᠯ ᠵᠦᠢᠯ ᠪᠠ ᠪᠠᠯᠠ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠳᠡᠮᠵᠢᠯᠭᠡ ᠬᠠᠮᠵᠢᠯᠴᠠᠭ᠎ᠠ ᠳᠣᠤᠷ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 3 ᠬᠠᠮᠢᠶ᠎ᠠ ᠪᠥᠬᠦᠶ ᠲᠥᠷᠥᠯ ᠵᠦᠢᠯ ᠢ ᠲᠥᠯᠥᠪᠯᠡᠵᠦ᠂ | ᠲᠣᠰ ᠲᠣᠰ ᠰᠢᠨ ᠾᠦᠢ ᠬᠤᠲᠠ ᠲᠣᠭᠤᠷᠢᠭ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠵᠡᠷᠭᠡ ᠶᠢ | ᠥᠭᠡᠷᠡᠴᠢᠯᠡᠨ ᠰᠢᠨᠡᠳᠬᠡᠬᠦ ᠲᠥᠷᠥᠯ ᠵᠦᠢᠯ᠂ ᠬᠤᠲᠠ ᠲᠣᠭᠤᠷᠢᠭ ᠤᠨ ᠤᠰᠤ ᠬᠠᠩᠭᠠᠬᠤ ᠰᠠᠭᠤᠷᠢ | ᠲᠥᠬᠦᠭᠡᠷᠦᠮᠵᠢ ᠶᠢᠨ ᠬᠤᠭᠤᠯᠠᠶ ᠶᠢᠨ ᠲᠣᠣᠷᠵᠢᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ᠂ ᠣᠯᠠᠨ ᠨᠡᠶᠢᠲᠡ ᠶᠢᠨ | ᠤᠰᠤ ᠬᠠᠩᠭᠠᠬᠤ ᠬᠤᠭᠤᠯᠠᠢ ᠶᠢᠨ ᠲᠣᠣᠷᠵᠢᠯ ᠤᠨ ᠤᠶᠤᠨᠴᠢᠯᠠᠭᠰᠠᠨ ᠪᠠᠶᠢᠴᠠᠭᠠᠨ ᠬᠡᠮᠵᠢᠵᠦ ᠵᠠᠰᠠᠨ ᠰᠡᠷᠭᠦᠭᠡᠵᠦ | ᠰᠢᠨᠡᠳᠬᠡᠨ ᠥᠭᠡᠷᠡᠴᠢᠯᠡᠬᠦ ᠲᠦᠷᠦᠯ ᠵᠦᠢᠯ ᠪᠠᠶᠢᠵᠤ ᠂ ᠶᠡᠷᠦᠩᠬᠡᠶ ᠪᠠᠯᠠ ᠣᠷᠣᠭᠤᠯᠤᠯᠲᠠ ᠨᠢ 1.37 ᠳ᠋ᠦᠩᠰᠢᠭᠤᠷ | ᠲᠥᠭᠦᠷᠢᠭ ᠪᠣᠯᠤᠨ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠠᠢ ᠬᠠᠮᠲᠤ ᠪᠠᠷ | ᠥᠪᠡᠷᠲᠡᠭᠡᠨ ᠵᠠᠰᠠᠬᠤ ᠣᠷᠣᠨ ᠳᠤ ᠬᠦᠷᠴᠦ ᠲᠥᠷᠥᠯ ᠵᠦᠢᠯ ᠢ ᠴᠢᠷᠮᠠᠶᠢᠨ ᠣᠯᠵᠤ᠂ ᠣᠳᠣᠬᠠᠨ ᠳᠤ ᠭᠤᠷᠪᠠᠨ | ᠲᠥᠷᠥᠯ ᠵᠦᠢᠯ ᠢ ᠨᠢᠭᠡᠨᠲᠡ ᠪᠦᠬᠦᠨ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠬᠢᠨᠠᠨ ᠬᠠᠷᠭᠤᠭᠤᠯᠵᠤ᠂ ᠣᠲᠣ ᠨᠢᠭᠡᠨᠲᠡ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠬᠦ ᠪᠠᠷ ᠪᠠᠶᠢᠨ᠎ᠠ᠃ ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ | ᠣᠳᠣᠬᠠᠨ ᠤ ᠬᠤᠲᠠ ᠲᠣᠭᠤᠷᠢᠭ ᠤᠨ ᠪᠠᠴᠢᠮ ᠪᠠᠶᠢᠭᠤᠯᠬᠤ ᠴᠢᠬᠤᠯᠠᠲᠠᠶ ᠦᠶᠡᠷ ᠢ ᠰᠡᠷᠭᠡᠶᠢᠯᠡᠬᠦ ᠰᠤᠪᠠᠭ ᠤᠨ | ᠥᠭᠡᠷᠡᠴᠢᠯᠡᠯᠲᠡ᠂ ᠰᠢᠨ᠎ᠡ ᠬᠤᠲᠠ ᠲᠣᠭᠤᠷᠢᠭ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ᠂ | ᠲᠠᠰᠤᠷᠬᠠᠶ ᠵᠠᠮ ᠢ ᠰᠢᠢᠳᠪᠦᠷᠢᠯᠡᠵᠦ᠂ ᠬᠤᠲᠠ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠣᠷᠵᠢᠯ ᠤᠨ | ᠤᠰᠤ ᠭᠤᠭᠤᠵᠢᠵᠤ ᠳᠣᠭᠲᠠᠭᠠᠬᠤ ᠶᠢ ᠪᠠᠭᠠᠰᠬᠠᠬᠤ ᠪᠣᠯᠤᠨ᠎ᠠ᠃ |