| ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ | ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠣᠯᠭᠤᠬᠤ ᠱᠠᠭᠠᠷᠳᠠᠯᠭ᠎ᠠ ᠶᠣᠰᠣᠭᠠᠷ᠂ ᠣᠯᠠᠨ | ᠲᠠᠯ᠎ᠠ ᠠᠴᠠ ᠠᠷᠭ᠎ᠠ ᠰᠦᠪᠡᠭᠴᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠨᠡᠶᠢᠭᠡᠮ ᠤᠨ | ᠪᠠᠲᠤᠯᠠᠭ᠎ᠠ ᠶᠢᠨ ᠺᠠᠷᠲ ᠢ ᠳᠠᠩᠰᠠᠯᠠᠬᠤ ᠠᠵᠢᠯ ᠢ ᠢᠳᠡᠪᠬᠢᠲᠡᠶ ᠠᠬᠢᠭᠤᠯᠪᠠ᠃ ᠣᠳᠣᠬᠠᠨ ᠪᠣᠯᠲᠠᠯ᠎ᠠ᠂ ︽ᠪᠦᠬᠦᠨ ᠳᠤ | ᠳᠣᠭᠢᠷᠠᠬᠤ ᠺᠠᠷᠲ︾ ᠤᠨ ᠰᠢᠰᠲ᠋ᠧᠮ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ ᠨᠣᠷᠮ᠎ᠠ | 74% ᠳᠤ ᠬᠦᠷᠴᠦ᠂ ᠪᠥᠬᠦ ᠬᠤᠲᠠ ᠶᠢᠨ ᠲᠡᠷᠢᠭᠦᠨ ᠳᠤ ᠵᠢᠭᠰᠠᠭᠠᠭᠳᠠᠵᠠᠶ᠃ | ᠨᠢᠭᠡ ᠳᠤ᠂ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠣᠶᠢᠯᠠᠭᠠᠬᠤ ᠨᠣᠷᠮ᠎ᠠ ᠪᠠᠨ ᠳᠡᠭᠡᠭᠰᠢᠯᠡᠭᠦᠯᠬᠦ | ᠬᠡᠷᠡᠭᠲᠡᠶ᠃ ᠬᠤᠰᠢᠭᠤ ᠰᠢᠶᠠᠩ ᠬᠤᠶᠠᠷ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠣᠷᠣᠯᠠᠨ | ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ︽ | ᠪᠦᠬᠦᠨ ᠳᠤ ᠳᠣᠭᠢᠷᠠᠬᠤ ᠺᠠᠷᠲ︾ ᠤᠨ ᠨᠥᠬᠦᠪᠥᠷᠢ ᠶᠢᠨ ᠬᠡᠷᠡᠭᠯᠡᠭᠴᠢ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠴᠠᠭ ᠲᠤᠬᠠᠶ ᠳᠤᠨᠢ ᠣᠶᠢᠯᠠᠭᠠᠭᠤᠯᠵᠤ᠂ ᠨᠢᠭᠡ ᠯᠡ ᠺᠠᠷᠲ ᠢᠶᠠᠷ ᠪᠤᠶ ᠪᠦᠬᠦᠢ ᠨᠥᠬᠦᠪᠥᠷᠢ ᠶᠢᠨ ᠪᠡᠯᠡ ᠮᠥᠩᠭᠦ ᠶᠢ | ᠠᠪᠴᠤ ᠪᠣᠯᠤᠨ᠎ᠠ᠂ ᠡᠯ᠎ᠡ ᠲᠥᠷᠥᠯ ᠤᠨ ᠮᠡᠳᠡᠭᠡ ᠵᠠᠩᠭᠢ ᠶᠢ ᠲᠥᠪᠯᠡᠷᠡᠭᠦᠯᠦᠨ ᠬᠠᠮᠢᠶᠠᠷᠬᠤ ᠶᠢ ᠪᠡᠶᠡᠯᠡᠭᠦᠯᠵᠦ᠂ | ᠨᠥᠬᠦᠪᠥᠷᠢ ᠣᠯᠭᠤᠬᠤ ᠡᠲᠡᠭᠡᠳ ᠢ ᠱᠠᠯᠠᠪᠳᠠᠭᠤᠯᠵᠤ ᠪᠠᠶᠢᠭᠠᠳ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠥᠩᠭᠦᠨ | ᠭᠦᠢᠯᠭᠡᠭᠡᠨ ᠤ ᠴᠢᠳᠠᠮᠵᠢ ᠶᠢ ᠲᠦᠷᠭᠡᠬᠡᠨ ᠠᠮᠢᠯᠠᠭᠤᠯᠵᠤ᠂ ︽ᠨᠢᠭᠡ ᠺᠠᠷᠲ ᠢᠶᠠᠷ ᠲᠣᠳᠤᠷᠬᠠᠶᠢᠯᠠᠬᠤ︾ ᠶᠢ | ᠪᠡᠶᠡᠯᠡᠭᠦᠯᠦᠨ᠎ᠡ᠃ | ᠬᠤᠶᠠᠷ ᠲᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠣᠷᠣᠯᠠᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ | ᠵᠡᠷᠭᠡ ᠬᠠᠮᠢᠶ᠎ᠠ ᠪᠦᠬᠦᠢ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠶᠢᠳᠠᠪᠤᠷᠢᠵᠢᠭᠤᠯᠵᠤ᠂ ᠬᠠᠷᠢᠯᠴᠠᠨ ᠬᠠᠮᠵᠢᠯᠴᠠᠨ᠂ ᠨᠢᠭᠲᠠ ᠬᠠᠮᠲᠤᠷᠠᠯᠴᠠᠵᠤ᠂ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ | ᠳᠠᠩᠰᠠᠯᠠᠬᠤ ᠠᠵᠢᠯ ᠤᠨ ᠦᠷ᠎ᠡ ᠪᠦᠲᠦᠮᠵᠢ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠭᠤᠷᠪᠠ ᠳᠤ ᠂ ᠬᠢᠨᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠪᠦᠷᠬᠦᠴᠡ ᠶᠢᠨ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠰᠤᠮᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ | ᠬᠤᠪᠢᠷᠠᠭᠤᠯᠤᠨ ᠳᠠᠩᠰᠠᠯᠠᠬᠤ ᠠᠵᠢᠯ ᠢ ᠴᠠᠭ ᠲᠤᠬᠠᠶ ᠳᠤᠨᠢ ᠬᠢᠬᠦ ᠶᠢᠨ ᠬᠠᠮᠲᠤ ᠴᠠᠭ ᠲᠤᠬᠠᠶ ᠳᠤᠨᠢ ᠬᠢᠨᠠᠨ | ᠵᠢᠯᠣᠭᠤᠳᠴᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠤᠪᠢᠷᠠᠭᠤᠯᠬᠤ ᠠᠬᠢᠴᠠ ᠤᠳᠠᠭᠠᠨ ᠪᠠᠶᠢᠭ᠎ᠠ ᠭᠠᠵᠠᠷ | ᠣᠷᠣᠨ ᠢ ᠤᠬᠠᠭᠤᠯᠬᠤ ᠪᠠ ᠠᠬᠢᠭᠤᠯᠬᠤ ᠡᠷᠴᠢᠮ ᠢᠶᠠᠨ ᠴᠢᠩᠭᠠᠳᠬᠠᠵᠤ᠂ ᠲᠣᠰᠬᠤᠨ ᠳᠤ ᠭᠦᠨᠵᠡᠭᠡᠶᠢᠷᠡᠨ᠂ | ᠡᠷᠦᠬᠡ ᠳᠤ ᠬᠦᠷᠴᠦ᠂ ᠰᠣᠯᠢᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠦᠷᠬᠦᠴᠡ ᠶᠢᠨ ᠨᠣᠷᠮ᠎ᠠ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ︽ᠪᠦᠬᠦᠨ ᠳᠤ ᠳᠤᠬᠢᠷᠠᠬᠤ ᠺᠠᠷᠲ︾ ᠢ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠰᠣᠯᠢᠵᠤ ᠠᠷᠠᠳ ᠲᠤ | ᠠᠰᠢᠭ ᠬᠦᠷᠲᠡᠭᠡᠬᠦ ᠨᠥᠬᠦᠪᠥᠷᠢ ᠥᠭᠬᠦ ᠠᠵᠢᠯ ᠢ ᠲᠦᠯᠬᠢᠨ ᠠᠬᠢᠭᠤᠯᠵᠤ᠂ ᠨᠥᠬᠦᠪᠥᠷᠢ ᠪᠡᠯᠡ ᠥᠩᠭᠦ ᠶᠢ ᠠᠮᠤᠷ | ᠲᠦᠪᠰᠢᠨ ᠪᠥᠭᠡᠳ ᠪᠦᠲᠦᠮᠵᠢᠲᠡᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠪᠦᠲᠦᠮᠵᠢᠲᠡᠢ | ᠪᠠᠲᠤᠯᠠᠵᠤ᠂ ︽ᠺᠠᠷᠲ ᠣᠯᠠᠨ ᠤᠳᠠᠭ᠎ᠠ ᠭᠦᠶᠦᠯᠭᠡᠯᠡᠬᠦ︾᠂ ︽ᠨᠢᠭᠡ ᠬᠥᠮᠦᠨ ᠣᠯᠠᠨ ᠺᠠᠷᠲ︾᠂ ︽ᠬᠥᠮᠦᠨ | ᠺᠠᠷᠲ ᠢ ᠰᠠᠯᠭᠠᠬᠤ︾ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ | ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠪᠠ᠃ |