750 ᠲᠦᠮᠡᠨ ᠲᠥᠭᠦᠷᠢᠭ ᠤᠨ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/27
    2023 ᠣᠨ ᠳᠤ᠂ ᠠᠤᠬᠠᠨ ᠬᠤᠰᠢᠭᠤ ᠨᠢ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 750 ᠲᠦᠮᠡᠨ ᠲᠥᠭᠦᠷᠢᠭ  ᠴᠢᠷᠮᠠᠶᠢᠨ ᠣᠯᠵᠤ᠂ ᠰᠢᠨ ᠾᠦᠢ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠠᠮᠢᠳᠤᠷᠠᠯ ᠤᠨ ᠲᠣᠭᠤᠷᠢᠭ ᠢ ᠵᠢᠷᠤᠮᠵᠢᠭᠤᠯᠤᠨ ᠥᠭᠡᠷᠡᠴᠢᠯᠡᠬᠦ ᠲᠥᠷᠥᠯ ᠵᠦᠢᠯ ᠳᠤ ᠲᠤᠰᠬᠠᠶᠢᠯᠠᠨ ᠬᠡᠷᠡᠭᠯᠡᠪᠡ᠃    ᠲᠣᠰ ᠲᠥᠷᠥᠯ ᠵᠦᠢᠯ ᠢ ᠵᠢᠷᠤᠮᠵᠢᠭᠤᠯᠤᠨ ᠥᠭᠡᠷᠡᠴᠢᠯᠡᠬᠦ ᠶᠡᠷᠦᠩᠬᠡᠶ ᠲᠠᠯᠠᠪᠠᠶ ᠨᠢ 17300 ᠲᠡᠭᠰᠢ ᠳᠥᠷᠪᠡᠯᠵᠢᠨ ᠮᠧᠲᠷ ︵800 ᠲᠡᠭᠰᠢ ᠳᠥᠷᠪᠡᠯᠵᠢᠨ ᠮᠧᠲᠷ ᠤᠨ ᠲᠤᠰᠠᠯᠠᠬᠤ ᠬᠡᠷ ᠪᠠᠶᠢᠰᠢᠩ ᠪᠠᠭᠲᠠᠨ᠎ᠠ︶᠂ ᠡᠭᠦᠨ ᠳᠤ᠄ ᠪᠠᠶᠢᠷᠢ ᠶᠢᠨ ᠠᠰᠠᠷ 3 ᠰᠠᠭᠤᠷᠢ᠂ ᠥᠭᠡᠷᠡᠴᠢᠯᠡᠨ ᠰᠠᠶᠢᠵᠢᠷᠠᠭᠤᠯᠤᠭᠰᠠᠨ ᠲᠠᠯᠠᠪᠠᠶ ᠨᠢ 12500 ᠲᠡᠭᠰᠢ ᠳᠥᠷᠪᠡᠯᠵᠢᠨ ᠮᠧᠲᠷ︔ ᠬᠤᠭᠤᠯᠠᠨ ᠲᠢᠩᠬᠢᠮ 1 ᠰᠠᠭᠤᠷᠢ 2 ᠳᠠᠪᠬᠤᠷ ᠪᠠᠶᠢᠵᠤ᠂ ᠥᠭᠡᠷᠡᠴᠢᠯᠡᠨ ᠰᠠᠶᠢᠵᠢᠷᠠᠭᠤᠯᠤᠭᠰᠠᠨ ᠲᠠᠯᠠᠪᠠᠶ ᠨᠢ 4000 ᠲᠡᠭᠰᠢ ᠳᠥᠷᠪᠡᠯᠵᠢᠨ ᠮᠧᠲᠷ︔ ᠲᠤᠰᠠᠯᠠᠬᠤ ᠭᠡᠷ ᠪᠠᠶᠢᠰᠢᠩ 800 ᠲᠡᠭᠰᠢ ᠳᠥᠷᠪᠡᠯᠵᠢᠨ ᠮᠧᠲᠷ ᠪᠣᠯᠤᠨ᠎ᠠ᠃    ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠢᠨ ᠾᠦᠢ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠬᠢᠷᠢ ᠲᠦᠪᠰᠢᠨ ᠢ ᠬᠦᠴᠦᠲᠡᠢ ᠳᠡᠭᠡᠭᠰᠢᠯᠡᠭᠦᠯᠵᠦ᠂ ᠲᠤᠰ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠨᠡᠯᠢᠶᠡᠳ ᠰᠠᠶᠢᠨ ᠰᠠᠶᠢᠵᠢᠷᠠᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号