| ᠡᠯᠡᠰᠦᠨ ᠲᠠᠯᠠᠪᠠᠶ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠬᠤᠰᠢᠭᠤᠨ ᠤ | ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠸᠧᠶ ᠪᠦᠯᠬᠦᠮ ᠳᠠᠭᠠᠭᠤᠯᠵᠤ᠂ ᠰᠢᠨ ᠾᠦᠢ ᠪᠠᠯᠭᠠᠰᠤ᠂ | ᠪᠠᠶᠢᠰᠡ ᠶᠢᠨ ᠬᠤᠷᠢᠶ᠎ᠠ ᠪᠠᠯᠭᠠᠰᠤ᠂ ᠰᠢᠶᠠ ᠸᠠ ᠪᠠᠯᠭᠠᠰᠤ᠂ ᠰᠢᠩ ᠯᠦᠩ ᠸᠠ ᠪᠠᠯᠭᠠᠰᠤ ᠵᠡᠷᠭᠡ ᠭᠠᠵᠠᠷ ᠤᠨ ᠡᠯᠡᠰᠦᠨ | ᠲᠠᠯᠠᠪᠠᠶ ᠳᠤ ᠬᠦᠷᠴᠦ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠨᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠵᠤ᠂ ᠡᠯᠡᠰᠦᠨ ᠲᠠᠯᠠᠪᠠᠶ ᠶᠢᠨ ᠡᠵᠡᠩᠨᠡᠯᠲᠡ ᠶᠢᠨ ᠲᠣᠭᠲᠠᠭᠤᠨ ᠪᠥᠭᠡᠳ | ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ | ᠪᠠᠶᠢᠴᠠᠭᠠᠬᠤ ᠶᠠᠪᠤᠴᠠ ᠳᠤ᠂ ᠶᠠᠩ ᠸᠧᠢ ᠡᠯᠡᠰᠦᠨ ᠲᠠᠯᠠᠪᠠᠶ ᠶᠢᠨ ᠡᠳᠦᠷ ᠲᠤᠳᠤᠮ ᠤᠨ ᠠᠮᠤᠷ ᠲᠦᠪᠰᠢᠨ ᠤ | ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠵᠢᠴᠢ ᠰᠣᠷᠢᠯᠲᠠ ᠬᠢᠬᠦ᠂ | ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠮᠠᠰᠢᠨ ᠲᠥᠬᠦᠭᠡᠷᠦᠮᠵᠢ ᠶᠢ | ᠬᠠᠮᠠᠭᠠᠯᠠᠨ ᠠᠷᠠᠴᠢᠯᠠᠬᠤ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠡᠯᠡᠰᠦ ᠮᠠᠯᠲᠠᠬᠤ ᠠᠵᠢᠯ ᠤᠨ | ᠲᠣᠭᠤᠷᠢᠭ᠂ ᠡᠳ᠋ ᠮᠠᠲ᠋ᠧᠷᠢᠶᠠᠯ ᠣᠪᠣᠭᠠᠯᠠᠬᠤ ᠲᠣᠭᠤᠷᠢᠭ᠂ ᠲᠡᠭᠡᠭᠡᠪᠦᠷᠢ ᠶᠢᠨ ᠵᠠᠮ ᠵᠡᠷᠭᠡ ᠵᠠᠩᠭᠢᠯᠠᠭ᠎ᠠ ᠶᠢᠨ ᠣᠷᠣᠨ | ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ | ᠡᠰᠡᠬᠦ ᠶᠢ ᠪᠠᠶᠢᠴᠠᠭᠠᠨ ᠦᠵᠡᠪᠡ᠃ | ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠨᠢ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠡᠯᠡᠰᠦᠨ ᠲᠠᠯᠠᠪᠠᠢ ᠶᠢᠨ ᠠᠵᠤ | ᠠᠬᠤᠶᠢᠯᠠᠯ ᠤᠨ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠮᠠᠨ ᠤ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | |