| ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠳᠬᠠᠵᠤ᠂ | ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ︽ | ᠬᠠᠯᠠᠭᠤᠨ ᠳᠤᠯᠠᠭᠠᠨ︾ ᠢ ᠮᠡᠳᠡᠷᠡᠵᠦ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ︽ᠠᠰᠢᠭ | ᠲᠤᠰᠠ︾ ᠶᠢ ᠡᠳ᠋ᠯᠡᠬᠦ ᠶᠢᠨ ᠲᠥᠯᠥᠭᠡ᠂ ᠴᠠᠩ ᠱᠧᠩ ᠪᠠᠯᠭᠠᠰᠤ ᠣᠯᠠᠨ ᠠᠷᠭ᠎ᠠ ᠬᠡᠮᠵᠢᠶ᠎ᠡ ᠪᠠᠷ ᠨᠡᠶᠢᠭᠡᠮ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠪᠡ᠃ | ︽ᠣᠯᠠᠨ ᠲᠦᠮᠡᠨ ᠲᠠᠢ ᠨᠢᠭᠤᠷᠳᠠᠨ ︾ ᠲᠥᠷᠥ ᠶᠢᠨ ᠪᠣᠳᠣᠯᠭ᠎ᠠ ᠶᠢ ᠣᠨᠣᠪᠴᠢᠲᠠᠢ ᠬᠠᠷᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠣᠯᠠᠨ ᠲᠦᠮᠡᠨ ᠂ ᠬᠥᠮᠦᠨ ᠬᠠᠷ᠎ᠠ | ᠣᠯᠠᠰᠢᠷᠠᠵᠤ᠂ ᠬᠡᠷᠡᠭᠴᠡᠭᠡ ᠱᠠᠭᠠᠷᠳᠠᠯᠭ᠎ᠠ ᠲᠥᠪᠯᠡᠷᠡᠭᠰᠡᠨ ᠣᠨᠴᠠᠯᠢᠭ ᠢ ᠠᠰᠢᠭᠯᠠᠨ᠂ ᠬᠡᠷᠡᠭ ᠡᠷᠬᠢᠯᠡᠬᠦ ᠴᠣᠩᠬᠤᠪᠴᠢ | ᠨᠢᠭᠡᠪᠦᠷᠢ ᠶᠢᠨ ᠣᠷᠣᠨ ᠪᠠᠶᠢᠷᠢ ᠳᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠭᠠᠷ ᠳᠡᠪᠲᠡᠷ ᠢ ᠳᠡᠯᠭᠡᠵᠦ᠂ ᠬᠡᠷᠡᠭ ᠡᠷᠬᠢᠯᠡᠬᠦ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠣᠶᠢᠯᠠᠭᠠᠬᠤ ᠳᠤ ᠲᠥᠬᠦᠮ ᠦᠵᠡᠭᠦᠯᠦᠨ᠎ᠡ᠃ ᠡᠭᠦᠨ ᠤ ᠬᠠᠮᠲᠤ᠂ ᠠᠵᠢᠯᠲᠠᠳ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠲᠡᠳᠡᠨ ᠠᠴᠠ ᠠᠵᠤ ᠠᠬᠤᠶ ᠶᠢᠨ ᠲᠠᠩᠰᠠ | ᠂ ᠬᠠᠷᠢᠴᠠᠭᠤᠯᠤᠯ ᠲᠠᠩᠰᠠ ᠶᠢ ᠰᠠᠶᠢᠲᠤᠷ ᠪᠤᠳᠤᠵᠤ᠂ ᠲᠡᠳᠡᠨ ᠳᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠡᠵᠡᠮᠰᠢᠭᠦᠯᠪᠡ᠃ | ︽ᠴᠤᠭᠯᠠᠭ᠎ᠠ ᠮᠠᠶᠢᠮᠠᠢ ᠳᠤ ᠣᠷᠤᠯᠴᠠᠨ︾ ᠲᠥᠷᠥ ᠶᠢᠨ ᠪᠣᠳᠣᠯᠭ᠎ᠠ ᠶᠢ ᠲᠦᠪᠯᠡᠷᠡᠭᠦᠯᠦᠨ ᠤᠬᠠᠭᠤᠯᠤᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠯᠠᠪᠯᠠᠬᠤ ᠪᠠᠷ ᠢᠷᠡᠭᠰᠡᠨ ᠤᠯᠠᠨ ᠲᠦᠮᠡᠨ ᠲᠠᠰᠤᠷᠠᠯᠳᠡ | ᠦᠭᠡᠢ ᠴᠤᠪᠤᠷᠠᠯᠳᠤᠵᠤ ᠪᠠᠶᠢᠯ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠢᠷᠡᠵᠦ ᠪᠠᠶᠢᠭ᠎ᠠ ᠣᠯᠠᠨ ᠲᠦᠮᠡᠨ ᠳᠤ | ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ᠂ ᠠᠵᠢᠯ ᠠᠴᠠ ᠪᠠᠨ ᠪᠠᠭᠤᠵᠤ ᠠᠮᠠᠷᠠᠭᠰᠠᠨ ᠣᠯᠭᠤᠮᠵᠢ ᠠᠪᠬᠤ᠂ ᠬᠢᠷᠢ ᠬᠡᠮ ᠢ ᠭᠡᠷᠡᠴᠢᠯᠡᠬᠦ | ᠵᠡᠷᠭᠡ ᠲᠠᠯ᠎ᠠ ᠶᠢᠨ ᠬᠠᠯᠠᠮᠰᠢᠯ ᠠᠰᠠᠭᠤᠳᠠᠯ ᠢ ᠤᠬᠠᠭᠤᠯᠪᠠ᠃ ︽ᠪᠢᠳᠡ ᠠᠵᠢᠯ ᠠᠴᠠ ᠪᠠᠨ ᠠᠮᠠᠷᠠᠬᠤ ᠨᠠᠰᠤᠨ ᠳᠤ | ᠬᠦᠷᠬᠦ ᠰᠢᠬᠠᠵᠠᠢ᠂ ᠭᠡᠪᠡᠴᠦ 15 ᠵᠢᠯ ᠬᠦᠷᠦᠭᠡ ᠦᠭᠡᠢ᠂ ᠠᠵᠢᠯ ᠠᠴᠠ ᠪᠠᠨ ᠠᠮᠠᠷᠠᠬᠤ ᠬᠢᠷᠢ ᠭᠡᠮ ᠢ ᠭᠡᠷᠡᠴᠢᠯᠡᠬᠦ ᠶᠢ | ᠬᠡᠷᠬᠢᠨ ᠭᠦᠢᠴᠡᠳᠬᠡᠬᠦ ᠪᠣᠢ︖ ᠶᠠᠮᠠᠷ ᠶᠠᠮᠠᠷ ᠮᠠᠲ᠋ᠧᠷᠢᠶᠠᠯ ᠬᠠᠩᠭᠠᠪᠠᠯ ᠵᠣᠬᠢᠬᠤ ᠪᠤᠢ︖ ᠬᠡᠷᠬᠢᠨ ᠨᠡᠶᠢᠭᠡᠮ ᠤᠨ | ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠠᠪᠬᠤ ᠪᠣᠶ︖ ᠶᠠᠭ ᠰᠠᠶᠢᠬᠠᠨ ᠶᠠᠪᠤᠵᠤ ᠪᠠᠶᠢᠭ᠎ᠠ | ᠣᠯᠠᠨ ᠲᠦᠮᠡᠨ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠠᠰᠠᠭᠤᠨ ᠯᠠᠪᠯᠠᠵᠤ᠂ ᠰᠠᠶᠢᠨ ᠳᠤᠷ᠎ᠠ ᠶᠢᠨ | ᠦᠢᠯᠡᠴᠢᠯᠡᠭᠴᠢᠳ ᠢᠳᠡᠪᠬᠢᠲᠡᠶ ᠪᠠᠷ ᠠᠰᠠᠭᠤᠳᠠᠯ ᠢ ᠲᠠᠶᠢᠯᠪᠤᠷᠢᠯᠠᠵᠤ ᠦᠭᠭᠦᠨ᠎ᠡ᠃ | ︽ᠭᠡᠷ ᠲᠤ ᠣᠷᠤᠵᠤ︾ ᠨᠢᠭᠡ ᠨᠢᠭᠡ ᠪᠠᠷ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠎ᠠ᠃ ᠰᠠᠶᠢᠨ ᠳᠤᠷ᠎ᠠ ᠶᠢᠨ | ᠦᠢᠯᠡᠴᠢᠯᠡᠭᠴᠢᠳ ᠲᠥᠷᠥ ᠶᠢᠨ ᠪᠣᠳᠣᠯᠭ᠎ᠠ ᠶᠢᠨ ︽ᠤᠬᠠᠭᠤᠯᠤᠭᠴᠢ︾᠂ ᠣᠯᠠᠨ ᠲᠦᠮᠡᠨ ᠤ ︽ ᠦᠢᠯᠡᠴᠢᠯᠡᠭᠴᠢ︾ | ᠪᠣᠯᠵᠣ᠂ ᠡᠷᠦᠬᠡ ᠳᠤ ᠬᠦᠷᠴᠦ ᠰᠤᠷᠪᠤᠯᠵᠢᠯᠠᠬᠤ ᠲᠠᠢ ᠤᠶᠠᠯᠳᠤᠭᠤᠯᠤᠨ᠂ ᠨᠡᠶᠢᠭᠡᠮ ᠤᠨ ᠪᠠᠲᠤᠯᠠᠭ᠎ᠠ ᠶᠢᠨ | ᠦᠢᠯᠡᠴᠢᠯᠡᠭᠡ ᠶᠢ ᠲᠦᠭ ᠲᠦᠮᠡᠨ ᠠᠶᠢᠯ ᠡᠷᠦᠬᠡ ᠳᠤ ᠦᠨᠡᠨ ᠬᠦ ᠬᠦᠷᠭᠡᠪᠡ᠃ ᠡᠭᠦᠨ ᠤ ᠬᠠᠮᠲᠤ᠂ ᠰᠠᠶᠢᠨ | ᠳᠤᠷ᠎ᠠ ᠶᠢᠨ ᠦᠢᠯᠡᠴᠢᠯᠡᠭᠴᠢᠳ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠲᠥᠷᠥ ᠶᠢᠨ ᠪᠣᠳᠣᠯᠭ᠎ᠠ ᠶᠢᠨ | ᠠᠭᠤᠯᠭ᠎ᠠ ᠶᠢ ᠲᠠᠶᠢᠯᠪᠤᠷᠢᠯᠠᠵᠤ᠂ ᠵᠢᠱᠢᠶ᠎ᠡ ᠲᠠᠲᠠᠬᠤ᠂ ᠠᠳᠠᠯᠢᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠨᠠᠩ ᠰᠢᠭᠤᠳ ᠣᠶᠢᠯᠠᠭᠠᠭᠤᠯᠵᠤ᠂ ᠣᠯᠠᠨ ᠲᠦᠮᠡᠨ ᠤ | ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠬᠥᠭᠵᠢᠭᠡᠪᠡ᠃ | ᠲᠠᠷᠠᠭᠠᠴᠢ ᠶᠢᠨ ᠠᠯᠬᠤᠮ ᠳᠤ᠂ ᠴᠠᠩ ᠱᠧᠩ ᠪᠠᠯᠭᠠᠰᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠰᠠᠶᠢᠲᠤᠷ ᠤᠬᠠᠭᠤᠯᠵᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ︽ᠵᠠᠶ ᠥᠬᠡᠶ︾ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠬᠠᠷᠢᠶᠠᠲᠤ ᠣᠷᠣᠨ ᠤ ᠣᠯᠠᠨ | ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ᠃ |