ᠶᠢᠨ ᠴᠠᠩ ᠭᠸᠦ ᠯᠢᠶᠠᠩ ᠪᠠᠯᠭᠠᠰᠤ᠄ ᠲᠠᠯ᠎ᠠ ᠨᠤᠲᠤᠭ ᠤᠨ ᠨᠣᠮ ᠤᠨ ᠥᠷᠥᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠣᠶᠣᠯ ᠤᠨ ᠠᠮᠤ ᠪᠤᠳᠠᠭᠠᠨ ᠤ ᠬᠥᠮᠥᠷᠭᠡ︾ ᠪᠣᠯᠭᠠᠨ᠎ᠠ
ᠨᠡᠶᠢᠲᠡᠯᠡᠭᠰᠡᠨ ᠴᠠᠭ᠄
2024/5/28
   ᠵᠢᠭᠰᠠᠭᠠᠯ ᠤᠨ ᠭᠠᠵᠠᠷ ᠢᠶᠠᠨ ᠰᠠᠶᠢᠲᠤᠷ ᠪᠠᠶᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ︽ᠬᠦᠴᠦᠷᠬᠡᠭᠵᠢᠭᠦᠯᠬᠦ︾ ᠬᠡᠷᠡᠭᠲᠡᠢ᠃  ᠶᠢᠨ ᠴᠠᠩ ᠭᠧᠤ ᠯᠢᠶᠠᠩ ᠪᠠᠯᠭᠠᠰᠤ ︽ᠤᠯᠠᠨ ᠨᠡᠶᠢᠲᠡ ᠶᠢᠨ ᠤᠩᠰᠢᠯᠭ᠎ᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ︾ ᠶᠢ ᠠᠷᠠᠳ  ᠣᠯᠠᠨ ᠳᠤ ᠪᠣᠳᠠᠲᠠᠢ ᠶᠠᠪᠤᠳᠠᠯ ᠬᠢᠬᠦ ᠲᠦᠷᠦᠯ ᠵᠦᠢᠯ ᠳᠤ ᠣᠷᠣᠭᠤᠯᠵᠤ᠂ ᠤᠯᠠᠨ ᠨᠡᠶᠢᠲᠡ ᠶᠢᠨ ᠤᠩᠰᠢᠯᠭ᠎ᠠ ᠶᠢᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠥᠷᠭᠡᠳᠬᠡᠨ᠎ᠡ᠃ ᠣᠶᠢᠷ᠎ᠠ ᠶᠢᠨ ᠵᠢᠯ ᠤᠳ ᠲᠤ᠂  ᠶᠢᠨ ᠴᠠᠩ ᠭᠧᠤ ᠯᠢᠶᠠᠩ ᠪᠠᠯᠭᠠᠰᠤᠨ ᠳᠤ ᠥᠨᠳᠥᠷ ᠪᠠᠷᠢᠮᠵᠢᠶᠠᠲᠤ ᠲᠠᠯ᠎ᠠ ᠨᠤᠲᠤᠭ ᠤᠨ ᠨᠣᠮ ᠤᠨ ᠥᠷᠥᠭᠡ ᠶᠢ 14 ᠪᠠᠶᠢᠭᠤᠯᠵᠤ ᠂ ᠲᠠᠯ᠎ᠠ ᠨᠤᠲᠤᠭ ᠤᠨ ᠨᠣᠮ ᠤᠨ ᠥᠷᠥᠭᠡ ᠶᠢ 14 ᠵᠠᠰᠠᠭ ᠵᠠᠬᠢᠷᠭᠠᠨ ᠤ ᠲᠣᠰᠬᠤᠨ ᠳᠤ ᠪᠠᠶᠢᠭᠤᠯᠵᠤ ᠳᠠᠭᠤᠰᠬᠠᠪᠠ᠃ ᠡᠬᠢ ᠪᠠᠶᠠᠯᠢᠭ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠬᠢᠭᠡᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠤᠨ ᠪᠥᠲᠥᠭᠡᠨ ᠪᠠᠶᠢᠭᠤᠯᠤᠯᠲᠠ ᠶᠢ ᠵᠡᠷᠭᠡ ᠪᠠᠷ ᠡᠵᠡᠩᠨᠡᠬᠦ ᠶᠢ ᠠᠬᠢᠭᠤᠯᠵᠤ᠂ ᠡᠯ᠎ᠡ ᠲᠥᠷᠥᠯ ᠤᠨ ᠠᠴᠢᠶᠠᠯᠠᠪᠤᠷᠢ ᠶᠢᠨ ᠲᠠᠪᠴᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠲᠣᠭᠠᠴᠢᠯᠠᠭᠰᠠᠨ ᠡᠨᠧᠷᠭᠢ ᠣᠯᠭᠤᠬᠤ ᠶᠢ ᠨᠡᠩ ᠴᠢᠬᠤᠯᠠᠴᠢᠯᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠠᠪᠴᠠᠩ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠪᠦᠬᠦ ᠠᠷᠠᠳ ᠤᠨ ᠤᠩᠰᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ  ᠠᠬᠢᠭᠤᠯᠤᠨ᠎ᠠ᠃ ᠥᠷᠭᠡᠨ ᠣᠯᠠᠨ ᠲᠦᠮᠡᠨ ᠳᠤ ︽ᠬᠡᠵᠢᠶ᠎ᠡ ᠬᠠᠮᠢᠭ᠎ᠠ ᠴᠤ ᠭᠡᠰᠡᠨ ᠦᠵᠡᠵᠦ ᠰᠣᠨᠤᠰᠴᠤ ᠪᠣᠯᠬᠤ︾ ᠤᠩᠰᠢᠯᠭ᠎ᠠ ᠶᠢᠨ ᠣᠶᠢᠯᠠᠭᠠᠯᠲᠠ ᠶᠢ ᠦᠨᠡᠨ ᠬᠦ ᠪᠡᠶᠡᠯᠡᠭᠦᠯᠪᠡ᠃    ᠠᠵᠢᠯᠯᠠᠭ᠎ᠠ ᠶᠢ ᠰᠠᠶᠢᠲᠤᠷ ᠡᠷᠬᠢᠯᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢ ︽ᠴᠤᠤᠷᠢᠶᠠᠳᠤᠭᠤᠯᠬᠤ︾  ᠬᠡᠷᠡᠭᠲᠡᠢ᠃ ᠨᠠᠷᠠᠲᠤ ᠲᠡᠮᠳᠡᠭᠲᠦ ᠶᠢ ᠪᠤᠶᠢᠵᠢᠭᠤᠯᠬᠤ ᠶᠢ ᠪᠠᠷᠢᠮᠲᠠᠯᠠᠵᠤ᠂ ︽ᠳᠡᠯᠡᠬᠡᠶ ᠶᠢᠨ ᠨᠣᠮ ᠤᠩᠰᠢᠬᠤ ᠡᠳᠦᠷ︾᠂ ︽ᠬᠤᠪᠢᠰᠬᠠᠯ ᠤᠨ ᠥᠯᠢᠭᠡᠷ︾ ᠵᠡᠷᠭᠡ ᠨᠣᠮ ᠤᠩᠰᠢᠬᠤ ᠨᠠᠷᠠᠲᠤ ᠲᠡᠮᠳᠡᠭᠲᠦ ᠳᠤ ᠲᠦᠰᠢᠭᠯᠡᠨ᠂ ᠶᠢᠨ ᠴᠠᠩ ᠭᠧᠤ ᠯᠢᠶᠠᠩ ᠪᠠᠯᠭᠠᠰᠤ ︽ᠲᠠᠷᠢᠶᠠᠴᠢᠳ ᠤᠨ ᠨᠣᠮ ᠤᠩᠰᠢᠬᠤ ᠪᠠᠶᠠᠷ︾ ᠵᠡᠷᠭᠡ ᠰᠢᠨ᠎ᠡ ᠪᠠᠷ ᠪᠣᠶ ᠪᠣᠯᠤᠭᠰᠠᠨ ᠠᠴᠢᠶᠠᠯᠠᠪᠤᠷᠢ ᠪᠠᠨ ᠤᠯᠠᠮ ᠨᠢᠭᠡ ᠠᠯᠬᠤᠮ ᠰᠢᠨ᠎ᠡ ᠪᠠᠷ ᠡᠭᠦᠳᠦᠨ ᠨᠡᠭᠡᠭᠡᠵᠦ᠂ ︽ᠪᠥᠬᠦ ᠠᠷᠠᠳ ᠢᠶᠠᠷ ᠢᠶᠠᠨ ᠨᠣᠮ ᠤᠩᠰᠢᠬᠤ ᠬᠠᠪᠤᠷ ᠤᠨ ᠠᠵᠢᠯᠯᠠᠭ᠎ᠠ︾ ︽ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠤᠯ ᠰᠡᠳᠦᠪᠲᠦ ᠤᠩᠰᠢᠯᠭ᠎ᠠ︾ ᠵᠡᠷᠭᠡ ᠣᠨᠴᠠᠯᠢᠭᠲᠤ ᠠᠵᠢᠯᠯᠠᠭ᠎ᠠ ᠶᠢ 50 ᠭᠠᠷᠤᠶ ᠲᠠᠯᠠᠪᠤᠷ  ᠥᠷᠨᠢᠭᠦᠯᠵᠦ᠂ 1000 ᠭᠠᠷᠤᠶ ᠬᠥᠮᠦᠨ ᠤᠳᠠᠭ᠎ᠠ ᠤᠩᠰᠢᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠪᠡ᠃    ᠦᠢᠯᠡᠴᠢᠯᠡᠭᠡ ᠶᠢ ᠰᠠᠢᠲᠤᠷ ᠠᠳᠬᠤᠵᠤ ᠲᠠᠯ᠎ᠠ ᠨᠤᠲᠤᠭ ᠤᠨ ᠨᠣᠮ ᠤᠨ ᠥᠷᠥᠭᠡ ᠶᠢ ︽  ᠠᠮᠢᠳᠤᠯᠢᠭᠵᠢᠭᠤᠯᠬᠤ︾ ᠬᠡᠷᠡᠭᠲᠡᠢ᠃  ᠶᠢᠨ ᠴᠠᠩ ᠭᠸᠤ ᠯᠢᠶᠠᠩ ᠪᠠᠯᠭᠠᠰᠤ ᠰᠢᠯᠢᠳᠡᠭ ᠤᠩᠰᠢᠯᠭ᠎ᠠ ᠶᠢᠨ ᠦᠢᠯᠡᠴᠢᠯᠡᠭᠡ ᠪᠠᠷ ᠦᠨᠳᠦᠰᠦᠨ ᠱᠠᠲᠤᠨ ᠤ ᠤᠯᠠᠨ ᠲᠦᠮᠡᠨ ᠤ ᠤᠩᠰᠢᠯᠭ᠎ᠠ ᠶᠢᠨ ᠬᠡᠷᠡᠭᠴᠡᠭᠡ ᠶᠢ ᠬᠠᠩᠭᠠᠬᠤ ᠶᠢ ᠪᠠᠷᠢᠮᠲᠠᠯᠠᠵᠤ᠂ ᠪᠠᠯᠭᠠᠰᠤᠨ ᠤ ᠬᠠᠤᠯᠢ ᠴᠠᠭᠠᠵᠠ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠡᠷᠭᠡ ᠡᠯ᠎ᠡ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠥᠳᠡᠭᠡ ᠲᠣᠰᠬᠤᠨ ᠤ ᠤᠩᠰᠢᠯᠭ᠎ᠠ ᠶᠢ ᠳᠡᠯᠭᠡᠷᠡᠭᠦᠯᠬᠦ 14 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ  ᠲᠦᠭᠡᠮᠡᠯᠵᠢᠭᠦᠯᠦᠨ ᠣᠩᠰᠢᠬᠤ᠂  ᠭᠡᠷ ᠪᠦᠯᠢ ᠶᠢᠨ ᠤᠩᠰᠢᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠩᠰᠢᠯᠭ᠎ᠠ᠂ ᠵᠡᠮᠳᠡᠭᠴᠦᠳ ᠢ ᠲᠤᠰᠠᠯᠠᠬᠤ ᠤᠩᠰᠢᠯᠭ᠎ᠠ᠂ ᠤᠩᠰᠢᠯᠭ᠎ᠠ ᠶᠢ ᠭᠡᠷ ᠲᠤᠨᠢ ᠬᠦᠷᠭᠡᠬᠦ ᠵᠡᠷᠭᠡ ᠥᠪᠡᠷᠮᠢᠴᠡ᠂ ᠤᠯᠠᠨ ᠲᠦᠮᠡᠨᠴᠢᠯᠡᠭᠰᠡᠨ ᠤᠩᠰᠢᠯᠭ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠬᠡᠷᠡᠭᠵᠢᠭᠦᠯᠵᠦ᠂ ᠤᠩᠰᠢᠯᠭ᠎ᠠ ᠶᠢᠨ ᠳᠡᠯᠭᠡᠷᠡᠭᠦᠯᠦᠯᠲᠡ ᠶᠢ ᠰᠢ ᠰᠣᠨᠣᠰᠬᠤ᠂ ᠺᠢᠨᠣ᠋ ᠦᠵᠡᠬᠦ᠂ ᠵᠦᠴᠦᠭᠡ ᠦᠵᠡᠬᠦ ᠵᠡᠷᠭᠡ ᠪᠠᠷ ᠲᠠᠷᠢᠶᠠᠴᠢᠳ ᠤᠨ ᠡᠳᠦᠷ ᠲᠤᠳᠤᠮ ᠤᠨ ᠠᠮᠢᠳᠤᠷᠠᠯ ᠳᠤ ᠦᠨᠡᠨᠬᠦ ᠠᠭᠤᠰᠤᠯᠴᠠᠭᠤᠯᠪᠠ᠃    ᠳᠠᠷᠠᠭᠠᠴᠢ ᠶᠢᠨ ᠠᠯᠬᠤᠮ ᠳᠤ᠂  ᠶᠢᠨ ᠴᠠᠩ ᠭᠧᠤ ᠯᠢᠶᠠᠩ ᠪᠠᠯᠭᠠᠰᠤ ᠲᠠᠯ᠎ᠠ ᠨᠤᠲᠤᠭ ᠤᠨ ᠨᠣᠮ ᠤᠨ ᠥᠷᠥᠭᠡ ᠪᠠᠷ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠤᠣᠯ ᠬᠦᠴᠦᠨ ᠪᠣᠯᠭᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠬᠠᠨᠳᠤᠵᠤ᠂ ᠤᠯᠠᠨ ᠲᠦᠮᠡᠨ ᠲᠠᠢ ᠤᠢᠢᠷᠠᠳᠤᠭᠰᠠᠨ ᠰᠢᠷᠢᠰ ᠤᠩᠰᠢᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠳᠤ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号