| 2024 ᠣᠨ ᠤ 5 ᠰᠠᠷ᠎ᠠ ᠪᠣᠯ ᠳᠦᠷᠪᠡᠳᠡᠬᠢ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ | ᠰᠠᠷ᠎ᠠ︾ ᠪᠣᠯᠤᠨ᠎ᠠ᠃ ᠢᠷᠭᠡᠨ ᠤ ᠬᠠᠤᠯᠢ ᠶᠢᠨ ᠪᠢᠴᠢᠭ ᠤᠨ ᠬᠠᠮᠢᠶ᠎ᠠ ᠪᠥᠬᠦᠶ ᠮᠡᠳᠡᠯᠭᠡ ᠶᠢ ᠭᠦᠨᠵᠡᠭᠡᠶ | ᠲᠦᠭᠡᠮᠡᠯᠵᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠺᠠᠳ᠋ᠷ ᠤᠨ ᠳᠡᠷᠭᠡᠳᠡ ᠬᠦᠷᠭᠡᠵᠦ᠂ ᠺᠠᠳ᠋ᠷᠴᠤᠳ ᠤᠨ | ᠰᠡᠳᠬᠢᠯ ᠳᠤ ᠬᠠᠳᠠᠩᠰᠢᠭᠤᠯᠵᠤ᠂ ᠥᠷᠭᠡᠨ ᠣᠯᠠᠨ ᠺᠠᠳ᠋ᠷᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠺᠠᠳ᠋ᠷᠴᠤᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ | ᠬᠠᠤᠯᠢ ᠪᠠᠷ ᠵᠠᠰᠠᠬᠤ ᠦᠢᠯᠡᠳᠦᠯᠭᠡ ᠳᠤ ᠣᠷᠣᠯᠴᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 2024 | ᠣᠨ ᠤ 5 ᠰᠠᠷ᠎ᠠ ᠶᠢᠨ ᠰᠡᠭᠦᠯᠴᠢ ᠪᠠᠷ ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠭᠤᠤᠯ ᠰᠡᠳᠦᠪᠲᠦ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠵᠢᠴᠢ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠤᠰᠬᠠᠶ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ | ᠠᠵᠢᠯᠲᠠᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠬᠠᠤᠯᠢ ᠴᠠᠭᠠᠵᠠ ᠶᠢᠨ ᠯᠠᠪᠯᠠᠭ᠎ᠠ ᠬᠢᠬᠦ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ᠂ ᠤᠬᠠᠭᠤᠯᠭ᠎ᠠ ᠶᠢᠨ ᠲᠡᠷᠭᠡ | ᠬᠥᠳᠡᠯᠭᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠶ ᠬᠤᠪᠢ | ᠲᠠᠷᠬᠠᠭᠠᠵᠤ᠂ ᠲᠤᠬᠠᠶ ᠶᠢᠨ ᠲᠠᠯᠠᠪᠤᠷ ᠲᠤ 30 ᠭᠠᠷᠤᠶ ᠬᠦᠮᠦᠰ ᠤᠨ ᠠᠰᠠᠭᠤᠳᠠᠯ ᠢ ᠬᠠᠷᠢᠭᠤᠯᠵᠤ᠂ ᠮᠠᠯᠴᠢᠨ | ᠲᠠᠷᠢᠶᠠᠴᠢᠨ ᠤ ᠬᠠᠤᠯᠢ ᠰᠤᠷᠬᠤ ᠬᠠᠯᠠᠭᠤᠨ ᠰᠡᠳᠬᠢᠯᠭᠡ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ | ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ | ᠵᠣᠷᠢᠭᠵᠢᠭᠤᠯᠵᠤ᠂ ᠣᠯᠠᠨ ᠲᠦᠮᠡᠨ ᠢ ᠬᠥᠮᠦᠵᠢᠭᠦᠯᠦᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ |