ᠰᠧ ᠳ᠋ᠤᠤ ᠸᠠᠨ ᠽᠢ ᠪᠠᠯᠭᠠᠰᠤ᠄ ᠣᠯᠠᠨ ᠰᠠᠯᠠᠭ᠎ᠠ ᠮᠥᠴᠢᠷ ᠬᠠᠮᠲᠤᠷᠠᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠬᠤᠳᠠᠯᠳᠤᠭᠠᠨ ᠤ ᠡᠷᠦᠬᠡ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/5/29
    ᠣᠶᠢᠷ᠎ᠠ ᠳᠤ᠂ ᠰᠧ ᠳ᠋ᠤᠤ ᠸᠠᠨ ᠽᠢ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠠ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠬᠠᠮᠲᠤᠷᠠᠨ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠤᠬᠠᠮᠰᠠᠷ ᠪᠠ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠢᠲᠡᠭᠡᠮᠵᠢ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠬᠤ ᠳᠤ ᠬᠡᠪ ᠳᠠᠭᠤᠷᠢᠶᠠᠯ ᠪᠣᠯᠵᠣ᠂ ᠥᠯᠢᠭᠡᠷ ᠳᠠᠭᠤᠷᠢᠶᠠᠯ ᠪᠣᠯᠵᠣ᠂  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ ᠶᠤᠮ᠃    ᠬᠡᠲᠦ ᠳᠡᠯᠭᠡᠭᠦᠷ᠂ ᠠᠮᠤ ᠪᠤᠳᠠᠭᠠᠨ ᠤ ᠳᠡᠯᠭᠡᠭᠦᠷ ᠵᠡᠷᠭᠡ ᠠᠵᠤ ᠠᠬᠤᠶᠢᠯᠠᠯ ᠤᠨ ᠡᠭᠦᠳᠡᠨ ᠳᠡᠯᠭᠡᠭᠦᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠬᠡᠷᠡᠭᠯᠡᠭᠡᠨ ᠤ ᠬᠡᠮᠵᠢᠶ᠎ᠡ ᠪᠠᠷ ᠨᠡᠯᠢᠶᠡᠳ ᠶᠡᠭᠡ ᠠᠮᠤ ᠭᠤᠯᠢᠷ ᠲᠣᠰᠣ᠂ ᠮᠢᠬᠠᠨ ᠤ ᠪᠦᠲᠦᠭᠡᠭᠳᠡᠬᠦᠨ᠂ ᠢᠳᠡᠰᠢᠨ ᠨᠣᠭᠤᠭ᠎ᠠ᠂ ᠴᠠᠭᠠᠨ ᠢᠳᠡᠭᠡ ᠵᠡᠷᠭᠡ ᠢᠳᠡᠭᠡᠨ ᠢᠶᠠᠷ ᠭᠤᠤᠯᠳᠠᠯᠭ᠎ᠠ ᠪᠣᠯᠭᠠᠵᠤ᠂ ᠪᠣᠷᠣᠯᠠᠭᠤᠯᠬᠤ ᠬᠤᠭᠤᠴᠠᠭ᠎ᠠ ᠨᠢ ᠥᠩᠭᠡᠷᠡᠭᠰᠡᠨ᠂ ᠢᠯᠵᠢᠷᠡᠭᠰᠡᠨ ᠢᠳᠡᠭᠡᠨ ᠢ ᠪᠣᠷᠣᠯᠠᠭᠤᠯᠤᠭᠰᠠᠨ ᠡᠰᠡᠬᠦ᠂ ᠰᠤᠯᠠ ᠰᠠᠪᠠᠯᠠᠭᠰᠠᠨ ᠢᠳᠡᠭᠡᠨ ᠳᠤ ᠦᠢᠯᠡᠳᠪᠦᠷᠢᠯᠡᠯ ᠤᠨ ᠡᠳᠦᠷ ᠬᠤᠭᠤᠴᠠᠭ᠎ᠠ ᠪᠠ ᠬᠦᠴᠦᠨ ᠲᠠᠢ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠦᠭᠦᠬᠡᠶ ᠰᠢᠨ᠎ᠡ ᠰᠣᠷᠭᠤᠭ ᠮᠢᠬ᠎ᠠ ᠳᠤ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠᠶᠢᠬᠤ ᠡᠰᠡᠬᠦ᠂ ᠴᠠᠭᠠᠨ ᠢᠳᠡᠭᠡᠨ᠂ ᠪᠣᠭᠤᠷᠰᠤᠭ ᠱᠠᠭᠠᠷᠳᠠᠯᠭ᠎ᠠ ᠶᠣᠰᠣᠭᠠᠷ ᠳᠣᠤᠷ᠎ᠠ ᠳᠤᠯᠠᠭᠠᠨ ᠳᠤ ᠬᠠᠳᠠᠭᠠᠯᠠᠭᠰᠠᠨ ᠡᠰᠡᠬᠦ ᠵᠡᠷᠭᠡ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠬᠥᠮᠦᠰ ᠲᠤ ᠲᠠᠸᠠᠷ ᠬᠤᠳᠠᠯᠳᠤᠨ ᠠᠪᠬᠤ ᠶᠢᠨ ᠬᠠᠮᠲᠤ  ᠵᠠᠬ᠎ᠠ ᠳᠡᠯᠭᠡᠭᠦᠷ ᠤᠨ ᠴᠢᠩᠭ᠎ᠠ ᠬᠢᠨᠠᠯᠲᠠ ᠬᠠᠮᠢᠶᠠᠷᠤᠯᠲᠠ ᠠᠴᠠ ᠪᠣᠯᠤᠭᠰᠠᠨ ᠰᠠᠨᠠᠭ᠎ᠠ ᠠᠮᠤᠷ ᠪᠠᠶᠢᠬᠤ ᠶᠢ ᠮᠡᠳᠡᠷᠡᠭᠦᠯᠦᠨ᠎ᠡ᠃    ᠰᠧ ᠳ᠋ᠤᠤ ᠸᠠᠨ ᠽᠢ ᠪᠠᠯᠭᠠᠰᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠤᠯᠠᠨ ᠬᠠᠷᠠᠭᠠᠰᠤ᠂ ᠤᠯᠠᠨ ᠠᠷᠭ᠎ᠠ ᠵᠠᠮ ᠢᠶᠠᠷ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ︽ᠦᠨᠡᠨᠴᠢ ᠢᠲᠡᠭᠡᠮᠵᠢ ᠶᠢᠨ ᠰᠠᠭᠤᠷᠢ︾ ᠶᠢ ᠲᠠᠰᠤᠷᠠᠯᠳᠡ ᠦᠭᠡᠢ ᠪᠠᠬᠢᠵᠢᠭᠦᠯᠵᠦ᠂ ︽ᠪᠣᠯᠪᠠᠰᠤᠨ ᠡᠵᠡᠩᠨᠡᠯᠲᠡ᠂ ᠦᠨᠡᠨᠴᠢ ᠢᠲᠡᠭᠡᠮᠵᠢᠲᠡᠢ ᠡᠵᠡᠩᠨᠡᠯᠲᠡ︾ ᠶᠢ ᠬᠡᠪ ᠵᠠᠩᠰᠢᠯ ᠪᠣᠯᠭᠠᠪᠠ᠃ ᠡᠵᠡᠩᠨᠡᠯᠲᠡ ᠶᠢᠨ ᠡᠷᠦᠬᠡ ᠢᠯᠡᠷᠬᠡᠶᠢᠯᠡᠭᠰᠡᠨ ᠨᠢ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠠᠮᠠᠯᠠᠯᠲᠠ ᠶᠢ ᠢᠳᠡᠪᠬᠢᠲᠡᠶ ᠦᠢᠯᠡᠳᠦᠯᠭᠡᠵᠢᠭᠦᠯᠵᠦ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠠᠯᠠᠯᠲᠠ ᠪᠠᠨ ᠪᠠᠲᠤ ᠰᠠᠬᠢᠵᠤ᠂ ᠵᠠᠬ᠎ᠠ ᠳᠡᠯᠭᠡᠭᠦᠷ ᠤᠨ ᠬᠡᠪ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠨ᠎ᠠ ᠭᠡᠪᠡ᠃    ᠤᠢᠢᠷ᠎ᠠ ᠶᠢᠨ ᠵᠢᠯ ᠠᠴᠠ᠂ ᠰᠧ ᠳ᠋ᠤᠤ ᠸᠠᠨ ᠽᠢ ᠪᠠᠯᠭᠠᠰᠤ ᠶᠢᠨ ᠬᠢᠨ ᠲᠠᠸᠠᠷ ᠤᠨ ᠶᠠᠰᠤ ᠴᠢᠨᠠᠷ ᠢ ᠪᠠᠲᠤᠯᠠᠬᠤ᠂ ᠦᠢᠯᠡᠴᠢᠯᠡᠭᠡᠨ ᠤ ᠠᠮᠠᠯᠠᠯᠲᠠ ᠶᠢ ᠬᠢᠴᠢᠶᠡᠩᠭᠦ᠋ᠢᠯᠡᠨ ᠵᠢᠷᠤᠮᠯᠠᠬᠤ᠂ ᠦᠨ᠎ᠡ ᠬᠠᠩᠰᠢ ᠶᠢᠨ ᠮᠡᠬᠡᠯᠡᠯ ᠢ ᠬᠤᠷᠢᠭᠯᠠᠬᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠤᠯᠠᠨ ᠵᠦᠢᠯ ᠤᠨ ᠬᠡᠯᠪᠡᠷᠢ ᠶᠢ ᠠᠪᠴᠤ᠂ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠢ ᠥᠷᠨᠢᠭᠦᠯᠵᠦ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠢᠲᠡᠭᠡᠮᠵᠢ ᠶᠢ ᠪᠤᠶᠢᠵᠢᠭᠤᠯᠬᠤ ᠡᠷᠴᠢᠮ ᠪᠣᠯᠤᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠤᠬᠠᠮᠰᠠᠷ ᠪᠣᠯᠤᠨ ᠢᠲᠡᠭᠡᠮᠵᠢ ᠶᠢᠨ ᠲᠣᠭᠲᠠᠭᠠᠯ ᠳᠤ ᠨᠡᠶᠢᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠢᠲᠡᠭᠡᠮᠵᠢ ᠲᠠᠢ ᠪᠠᠶᠢᠬᠤ ᠶᠢ ᠴᠢᠬᠤᠯᠠᠴᠢᠯᠠᠬᠤ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠢᠶᠠᠷ ᠢᠶᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠦᠨᠡᠨᠴᠢ ᠢᠲᠡᠭᠡᠮᠵᠢ ᠲᠠᠢ ᠬᠠᠤᠯᠢ ᠶᠢ ᠰᠠᠬᠢᠵᠤ ᠡᠵᠡᠩᠨᠡᠬᠦ ᠶᠢ ᠰᠠᠨᠠᠭᠠᠴᠢᠯᠠᠵᠤ᠂ ᠦᠨᠡᠨᠴᠢ ᠢᠲᠡᠭᠡᠮᠵᠢ ᠲᠠᠢ ᠡᠵᠡᠩᠨᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠡᠨᠴᠢ ᠢᠲᠡᠭᠡᠮᠵᠢᠲᠡᠢ᠂ ᠡᠷᠬᠡ ᠲᠡᠭᠰᠢ ᠪᠠᠷ ᠥᠷᠢᠰᠦᠯᠳᠦᠬᠦ᠂ ᠬᠡᠷᠡᠭᠯᠡᠭᠡ ᠳᠤ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号