ᠪᠠᠶᠢᠰᠡ ᠶᠢᠨ ᠬᠤᠷᠢᠶ᠎ᠠ ᠪᠠᠯᠭᠠᠰᠤ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/5/29
    ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠪᠠᠶᠢᠰᠠ ᠶᠢᠨ  ᠬᠤᠷᠢᠶ᠎ᠠ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ  ᠢ ᠴᠡᠭᠴᠡᠯᠡᠨ ᠵᠠᠰᠠᠬᠤ ᠶᠠᠷᠢᠯᠴᠠᠬᠤ ᠬᠤᠷᠠᠯ  ᠬᠤᠷᠠᠯᠳᠤᠵᠤ᠂ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠤᠯᠠᠭᠠᠨᠬᠠᠳᠠ ᠶᠢᠨ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠷᠦᠨ ᠰᠢᠩ ᠬᠥᠮᠦᠰ ᠤᠨ ᠣᠷᠣᠰᠢᠨ ᠰᠠᠭᠤᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠂ ᠡᠯ᠎ᠡ ᠲᠣᠰᠬᠤᠨ ᠤ ᠱᠦᠵᠢ᠂ ᠬᠠᠮᠢᠶ᠎ᠠ ᠪᠦᠬᠦᠢ ᠦᠷᠳᠡᠭᠡ ᠶᠢᠨ ᠠᠯᠪᠠᠨ ᠭᠡᠷ ᠤᠨ ᠬᠢᠨ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠣᠯᠤᠨ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠠᠰᠠᠯᠲᠠ ᠶᠢᠨ ᠠᠷᠭ᠎ᠠ ᠬᠡᠮᠵᠢᠶ᠎ᠡ ᠶᠢ ᠬᠡᠷᠬᠢᠨ ᠲᠣᠭᠲᠠᠭᠠᠬᠤ ᠲᠤᠬᠠᠶ ᠰᠣᠯᠢᠯᠴᠠᠨ ᠶᠠᠷᠢᠯᠴᠠᠭᠰᠠᠨ ᠪᠥᠭᠡᠳ ᠵᠣᠬᠢᠴᠠᠩᠭᠤᠶ ᠰᠠᠨᠠᠭᠤᠯᠭ᠎ᠠ ᠪᠣᠯᠤᠨ ᠰᠠᠨᠠᠯ ᠳᠤᠷᠠᠳᠴᠠᠶ᠃    ᠬᠤᠷᠠᠯ ᠠᠴᠠ᠂ ᠡᠯ᠎ᠡ ᠲᠣᠰᠬᠤᠨ ᠤ ᠬᠢᠨ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠲᠦᠷᠦᠯ ᠵᠦᠢᠯ ᠢ ᠬᠦᠴᠦᠷᠬᠡᠭᠵᠢᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠦᠬᠦ ᠪᠠᠯᠭᠠᠰᠤᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠶᠢ ᠪᠠᠶᠢᠩᠭᠤᠵᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠢᠶᠠᠷᠤᠨ ᠬᠠᠮᠠᠭᠠᠯᠠᠬᠤ ᠶᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠠᠯᠭᠠᠰᠤᠨ ᠤ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号