| ᠬᠢᠨᠠᠨ ᠪᠣᠳᠣᠯᠲᠠ ᠪᠠᠷ ᠣᠯᠵᠤ ᠮᠡᠳᠡᠭᠰᠡᠨ ᠨᠢ᠂ ᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠨᠢ | ᠲᠣᠭᠲᠠᠮᠠᠯ ᠬᠥᠷᠥᠩᠭᠡ ᠶᠢ ᠲᠣᠭᠠᠯᠠᠨ ᠪᠦᠷᠢᠳᠬᠡᠬᠦ ᠠᠵᠢᠯ ᠢ ᠤᠷᠲᠤ ᠬᠤᠭᠤᠴᠠᠭ᠎ᠠ ᠪᠠᠷ ᠣᠮᠳᠠᠭᠠᠶᠢᠯᠠᠭᠰᠠᠨ ᠪᠠᠶᠢᠨ᠎ᠠ᠃ | ᠲᠣᠭᠲᠠᠮᠠᠯ ᠬᠥᠷᠥᠩᠭᠡ ᠪᠣᠯ ᠨᠢᠭᠡᠴᠡ ᠶᠢᠨ ᠠᠵᠢᠯᠯᠠᠭᠠᠨ ᠤ ᠴᠢᠬᠤᠯᠠ ᠪᠣᠳᠠᠰ ᠤᠨ ᠰᠠᠭᠤᠷᠢ ᠮᠥᠨ᠂ ᠭᠡᠪᠡᠴᠦ | ᠲᠣᠭᠲᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠬᠦ ᠪᠠ ᠪᠦᠲᠦᠮᠵᠢᠲᠡᠶ ᠬᠠᠮᠢᠶᠠᠷᠤᠯᠲᠠ ᠳᠤᠲᠠᠭᠳᠠᠵᠤ | ᠪᠠᠶᠢᠭᠰᠠᠨ ᠠᠴᠠ ᠬᠡᠰᠡᠭ ᠡᠳ᠋ ᠬᠥᠷᠥᠩᠭᠡ ᠨᠢ ᠲᠠᠩᠰᠠᠨ ᠳᠤ ᠪᠣᠳᠠᠲᠠᠢ ᠨᠡᠶᠢᠴᠡᠬᠦ ᠦᠭᠡᠢ᠂ ᠠᠯᠳᠠᠭᠳᠠᠯ ᠨᠢ ᠬᠦᠨᠳᠦ | ᠨᠣᠴᠢᠲᠠᠢ ᠵᠡᠷᠭᠡ ᠠᠰᠠᠭᠤᠳᠠᠯ ᠭᠠᠷᠪᠠ᠃ ᠡᠨᠡ ᠨᠢ ᠨᠢᠭᠡᠴᠡ ᠶᠢᠨ ᠡᠳ᠋ ᠬᠥᠷᠥᠩᠭᠡ ᠶᠢᠨ ᠦᠨᠡᠨ ᠪᠣᠳᠠᠲᠠᠶ ᠲᠤᠰᠬᠠᠯ ᠢ | ᠨᠥᠯᠥᠭᠡᠯᠡᠬᠦ ᠪᠠᠷ ᠪᠠᠷᠠᠬᠤ ᠦᠭᠡᠶ᠂ ᠪᠠᠰᠠ ᠨᠢᠭᠡᠴᠡ ᠳᠤ ᠠᠵᠤ ᠠᠬᠤᠶ ᠶᠢᠨ ᠬᠤᠬᠢᠷᠠᠯ ᠪᠠ ᠨᠡᠷ᠎ᠡ ᠬᠦᠨᠳᠦ ᠶᠢᠨ ᠠᠶᠤᠯ | ᠲᠦᠭᠰᠢᠭᠦᠷᠢ ᠤᠴᠠᠷᠠᠭᠤᠯᠵᠤ ᠮᠡᠳᠡᠨ᠎ᠡ᠃ ᠡᠶᠢᠮᠦ ᠠᠴᠠ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠨᠦᠭᠦᠳ | ᠲᠣᠭᠲᠠᠮᠠᠯ ᠬᠥᠷᠥᠩᠭᠡ ᠶᠢᠨ ᠲᠣᠭᠠᠯᠠᠨ ᠪᠦᠷᠢᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠠᠯᠠᠨ | ᠪᠦᠷᠢᠳᠬᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠦᠬᠦ ᠲᠠᠯ᠎ᠠ ᠪᠠᠷ | ᠢᠯᠭᠠᠷᠠᠭᠤᠯᠤᠨ ᠪᠠᠶᠢᠴᠠᠭᠠᠵᠤ᠂ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ | ᠪᠠᠲᠤᠯᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ | ᠬᠠᠮᠲᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯᠲᠠᠨ ᠳᠤ ᠪᠣᠯᠪᠠᠰᠤᠷᠠᠭᠤᠯᠤᠯ ᠬᠢᠬᠦ ᠪᠠ ᠬᠢᠨᠠᠯᠲᠠ | ᠲᠠᠯᠪᠢᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠤᠨ ᠬᠠᠮᠢᠶᠠᠷᠤᠯᠲᠠ ᠶᠢᠨ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ | | |