ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ
ᠨᠡᠶᠢᠲᠡᠯᠡᠭᠰᠡᠨ ᠴᠠᠭ᠄
2024/6/19
     ᠣᠶᠢᠷ᠎ᠠ ᠳᠤ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ᠂ ᠲᠣᠪᠴᠢᠶ᠎ᠠ ᠶᠢᠨ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠪᠠᠷᠢᠯᠭ᠎ᠠ ᠪᠠᠷᠢᠬᠤ ᠨᠢᠭᠡᠴᠡ ᠪᠠ ᠬᠢᠨᠠᠨ ᠬᠠᠮᠢᠶᠠᠷᠬᠤ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠶᠢᠨ ᠬᠠᠮᠢᠶᠠᠷᠤᠨ ᠬᠠᠮᠠᠭᠠᠯᠠᠬᠤ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠠᠴᠠ ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠪᠢᠴᠢᠭ ᠮᠠᠲ᠋ᠧᠷᠢᠶᠠᠯ ᠢ  ᠳᠠᠮᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠲᠠᠯ᠎ᠠ ᠪᠠᠷ  ᠪᠣᠯᠪᠠᠰᠤᠷᠠᠯ ᠬᠢᠵᠦ᠂ ᠦᠶᠡᠷ ᠢ ᠰᠡᠷᠭᠡᠶᠢᠯᠡᠬᠦ  ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂  ᠲᠣᠪᠴᠢᠶᠠᠨ ᠤ ᠳᠡᠳ᠋ ᠳᠠᠷᠤᠭ᠎ᠠ ᠡᠤ ᠶᠦᠩ ᠼᠠᠢ ᠨᠥᠬᠦᠷ ᠣᠳᠣᠬᠠᠨ ᠤ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠃ ᠨᠢᠭᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠪᠡᠯᠡᠳᠬᠡᠯ ᠠᠵᠢᠯ ᠢ ᠰᠠᠶᠢᠲᠤᠷ  ᠬᠢᠨ᠎ᠡ︔ ᠬᠤᠶᠠᠷ ᠲᠤ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠭᠤᠷᠪᠠ ᠳᠤ᠂ ᠭᠤᠷᠪᠠᠳᠤᠭᠠᠷ ᠤᠯᠠᠷᠢᠯ ᠤᠨ ᠭᠤᠤᠯᠳᠠᠯᠭ᠎ᠠ ᠲᠠᠢ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃        ᠲᠣᠪᠴᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠪᠴᠢᠶᠠᠨ ᠳᠠᠷᠤᠭ᠎ᠠ ᠶᠠᠩ ᠮᠧᠩ ᠰᠢᠶᠠᠨ ᠨᠥᠬᠦᠷ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠨᠢᠭᠡ ᠳᠤ ᠂ ᠴᠥᠬᠦᠷᠡᠰᠢ ᠥᠬᠡᠶ ᠪᠠᠶᠢᠩᠭᠤ ᠠᠳᠬᠤᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠣᠳᠠᠲᠠᠶᠢᠵᠢᠭᠤᠯᠬᠤ ᠬᠡᠷᠡᠭᠲᠡᠶ︔ ᠬᠤᠶᠠᠷ ᠲᠤ᠂ ᠪᠠᠶᠢᠳᠠᠯ ᠢ ᠲᠣᠳᠣᠷᠬᠠᠶ ᠲᠠᠨᠢᠵᠤ᠂ ᠵᠠᠩᠭᠢᠯᠠᠭ᠎ᠠ ᠶᠢᠨ ᠴᠠᠭ ᠦᠶ᠎ᠡ ᠳᠤ ᠵᠠᠩᠭᠢᠯᠠᠭ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ︔ ᠭᠤᠷᠪᠠ ᠳᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠪᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号