ᠣᠶᠢᠷ᠎ᠠ ᠳᠤ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 2024 ᠣᠨ ᠤ | ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ | ᠵᠣᠬᠢᠶᠠᠨ ᠪᠠᠶᠢᠭᠤᠯᠵᠤ ᠬᠤᠷᠠᠯᠳᠤᠪᠠ᠃ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠲᠠᠰᠤᠭ ᠤᠨ ᠬᠠᠷᠢᠭᠤᠴᠠᠯᠭᠠᠲᠠᠨ᠂ | ᠲᠣᠪᠴᠢᠶ᠎ᠠ ᠶᠢᠨ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠵᠠᠩᠭᠢᠯᠠᠭ᠎ᠠ ᠶᠢᠨ ᠺᠠᠳ᠋ᠷ᠂ ᠵᠠᠮ | ᠬᠠᠷᠢᠯᠴᠠᠭ᠎ᠠ ᠲᠡᠭᠡᠭᠡᠪᠦᠷᠢ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠪᠠᠷᠢᠯᠭ᠎ᠠ ᠪᠠᠷᠢᠬᠤ | ᠨᠢᠭᠡᠴᠡ ᠪᠠ ᠬᠢᠨᠠᠨ ᠬᠠᠮᠢᠶᠠᠷᠬᠤ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠶᠢᠨ | ᠬᠠᠮᠢᠶᠠᠷᠤᠨ ᠬᠠᠮᠠᠭᠠᠯᠠᠬᠤ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ | ᠬᠤᠷᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠪᠢᠴᠢᠭ ᠮᠠᠲ᠋ᠧᠷᠢᠶᠠᠯ ᠢ ᠳᠠᠮᠵᠢᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠲᠥᠷᠥᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ | ᠪᠠᠷᠢᠮᠵᠢᠶ᠎ᠠ ᠶᠢᠨ ᠲᠠᠯ᠎ᠠ ᠪᠠᠷ ᠪᠣᠯᠪᠠᠰᠤᠷᠠᠯ ᠬᠢᠵᠦ᠂ ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ | ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ | ᠲᠣᠪᠴᠢᠶᠠᠨ ᠤ ᠳᠡᠳ᠋ ᠳᠠᠷᠤᠭ᠎ᠠ ᠡᠤ ᠶᠦᠩ ᠼᠠᠢ ᠨᠥᠬᠦᠷ ᠣᠳᠣᠬᠠᠨ ᠤ ᠵᠠᠮ ᠲᠡᠭᠡᠭᠡᠪᠦᠷᠢ ᠶᠢᠨ ᠠᠵᠢᠯ ᠲᠥᠷᠥᠯ ᠤᠨ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠃ ᠨᠢᠭᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠶᠡᠷ ᠢ | ᠰᠡᠷᠭᠡᠶᠢᠯᠡᠵᠦ ᠦᠶᠡᠷ ᠢ ᠥᠩᠭᠡᠷᠡᠭᠦᠯᠬᠦ ᠪᠡᠯᠡᠳᠬᠡᠯ ᠠᠵᠢᠯ ᠢ ᠰᠠᠶᠢᠲᠤᠷ ᠬᠢᠨ᠎ᠡ︔ ᠬᠤᠶᠠᠷ ᠲᠤ᠂ ︽ᠠᠶᠤᠯᠭᠦᠶ | ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠦᠨ᠎ᠡ︔ | ᠭᠤᠷᠪᠠ ᠳᠤ᠂ ᠭᠤᠷᠪᠠᠳᠤᠭᠠᠷ ᠤᠯᠠᠷᠢᠯ ᠤᠨ ᠭᠤᠤᠯᠳᠠᠯᠭ᠎ᠠ ᠲᠠᠢ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠨ᠎ᠠ᠃ | ᠲᠣᠪᠴᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠪᠴᠢᠶᠠᠨ ᠳᠠᠷᠤᠭ᠎ᠠ ᠶᠠᠩ ᠮᠧᠩ ᠰᠢᠶᠠᠨ | ᠨᠥᠬᠦᠷ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠨᠢᠭᠡ ᠳᠤ ᠂ | ᠴᠥᠬᠦᠷᠡᠰᠢ ᠥᠬᠡᠶ ᠪᠠᠶᠢᠩᠭᠤ ᠠᠳᠬᠤᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠣᠳᠠᠲᠠᠶᠢᠵᠢᠭᠤᠯᠬᠤ | ᠬᠡᠷᠡᠭᠲᠡᠶ︔ ᠬᠤᠶᠠᠷ ᠲᠤ᠂ ᠪᠠᠶᠢᠳᠠᠯ ᠢ ᠲᠣᠳᠣᠷᠬᠠᠶ ᠲᠠᠨᠢᠵᠤ᠂ ᠵᠠᠩᠭᠢᠯᠠᠭ᠎ᠠ ᠶᠢᠨ ᠴᠠᠭ ᠦᠶ᠎ᠡ ᠳᠤ ᠵᠠᠩᠭᠢᠯᠠᠭ᠎ᠠ ᠶᠢᠨ | ᠠᠵᠢᠯ ᠢ ᠰᠠᠶᠢᠲᠤᠷ ᠠᠳᠬᠤᠬᠤ ᠬᠡᠷᠡᠭᠲᠡᠶ︔ ᠭᠤᠷᠪᠠ ᠳᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ | ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠪᠡ᠃ | | |