| ᠣᠶᠢᠷ᠎ᠠ ᠳᠤ᠂ ᠠᠤᠬᠠᠨ ᠨᠢ ᠪᠡᠭᠡᠵᠢᠩ ᠠᠤᠬᠠᠨ ᠤ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ | ᠬᠠᠮᠵᠢᠯᠴᠠᠭ᠎ᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ᠪᠡᠭᠡᠵᠢᠩ ᠠᠣᠬᠠᠨ ᠬᠤᠶᠠᠷ ᠭᠠᠵᠠᠷ ᠤᠨ | ᠦᠨᠳᠦᠰᠦᠲᠡᠨ ᠨᠦᠭᠦᠳ ᠤᠨ ᠪᠠᠭᠰᠢ ᠶᠢᠨ ᠶᠠᠪᠤᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ | ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ 36 ᠭᠤᠤᠯᠯᠠᠭᠴᠢ ᠪᠠᠭᠰᠢ ᠪᠠ ᠵᠢᠭᠠᠨ ᠰᠤᠳᠤᠯᠤᠭᠴᠢ ᠶᠢ | ᠰᠣᠩᠭᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠲᠤ ᠣᠴᠢᠭᠤᠯᠤᠨ ᠠᠵᠢᠯ ᠤᠨ ᠪᠠᠶᠢᠷᠢ ᠳᠤᠨᠢ | ᠪᠣᠯᠪᠠᠰᠤᠷᠠᠯ ᠬᠦᠷᠲᠡᠭᠡᠵᠦ᠂ ᠪᠡᠭᠡᠵᠢᠩ ᠠᠣᠬᠠᠨ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠪᠠᠭᠰᠢ | ᠰᠤᠷᠤᠭᠴᠢᠳ ᠢ ᠠᠵᠢᠯ ᠪᠠ ᠰᠤᠷᠤᠯᠴᠠᠯᠭ᠎ᠠ ᠶᠢᠨ ᠲᠠᠯ᠎ᠠ ᠪᠠᠷ ᠬᠠᠷᠢᠯᠴᠠᠨ ᠰᠣᠯᠢᠯᠴᠠᠵᠤ᠂ ᠬᠠᠮᠲᠤ ᠪᠠᠷ ᠳᠠᠪᠰᠢᠬᠤ ᠶᠢ | ᠠᠬᠢᠭᠤᠯᠪᠠ᠃ | 36 ᠪᠠᠭᠰᠢ ᠲᠤᠰ ᠲᠤᠰ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠳᠤᠮᠳᠠᠳᠤ ᠭᠠᠳᠠᠭᠠᠳᠤ ᠶᠢᠨ | ᠨᠥᠬᠦᠷᠰᠡᠭ ᠬᠡᠦᠬᠡᠳ ᠤᠨ ᠴᠡᠴᠡᠷᠯᠢᠭ᠂ ᠢᠦᠢ ᠴᠢᠤᠸᠠᠨ ᠪᠠᠭ᠎ᠠ ᠰᠤᠷᠭᠠᠭᠤᠯᠢ᠂ ᠢᠦᠢ ᠶᠢᠩ ᠳᠤᠮᠳᠠᠳᠤ ᠰᠤᠷᠭᠠᠭᠤᠯᠢ | ᠵᠡᠷᠭᠡ 10 ᠰᠤᠷᠭᠠᠭᠤᠯᠢ ᠳᠤ ᠬᠦᠷᠴᠦ ᠠᠵᠢᠯ ᠤᠨ ᠪᠠᠶᠢᠷᠢ ᠶᠢ ᠳᠠᠭᠠᠵᠤ ᠰᠤᠷᠤᠯᠴᠠᠵᠤ᠂ ᠤᠨᠤᠯ ᠤᠨ ᠰᠤᠷᠤᠯᠴᠠᠯᠭ᠎ᠠ ᠂ | ᠠᠩᠬᠢ ᠳᠠᠭᠠᠵᠤ ᠬᠢᠴᠢᠶᠡᠯ ᠣᠷᠣᠬᠤ ᠪᠠ ᠦᠢᠯᠡᠳᠦᠯᠭᠡ ᠶᠢᠨ ᠪᠣᠯᠪᠠᠰᠤᠷᠠᠯ ᠬᠢᠬᠦ ᠵᠡᠷᠭᠡ ᠰᠤᠷᠭᠠᠨ ᠬᠥᠮᠦᠵᠢᠯ ᠤᠨ | ᠵᠢᠭᠠᠨ ᠰᠤᠷᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠪᠡᠭᠡᠵᠢᠩ ᠤᠨ ᠡᠯ᠎ᠡ ᠰᠤᠷᠭᠠᠭᠤᠯᠢ ᠶᠢᠨ ᠪᠠᠭᠰᠢ ᠨᠠᠷ ᠲᠠᠢ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠣᠯᠢᠯᠴᠠᠬᠤ ᠪᠠ ᠬᠤᠪᠢᠶᠠᠯᠴᠠᠨ ᠡᠳ᠋ᠯᠡᠵᠦ᠂ | ᠪᠡᠭᠡᠵᠢᠩ ᠤᠨ ᠡᠯ᠎ᠡ ᠰᠤᠷᠭᠠᠭᠤᠯᠢ ᠶᠢᠨ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠶᠢ ᠰᠤᠷᠤᠯᠴᠠᠬᠤ ᠪᠠᠷ | ᠭᠤᠣᠯᠳᠠᠯᠭ᠎ᠠ ᠪᠣᠯᠭᠠᠵᠤ᠂ ᠵᠢᠭᠠᠨ ᠰᠤᠷᠭᠠᠯᠲᠠ ᠶᠢᠨ ᠠᠰᠠᠭᠤᠳᠠᠯ ᠢ ᠢᠯᠡᠷᠡᠭᠦᠯᠵᠦ᠂ ᠵᠢᠭᠠᠨ ᠰᠤᠷᠭᠠᠯᠲᠠ ᠶᠢᠨ | ᠲᠤᠷᠰᠢᠯᠭ᠎ᠠ ᠪᠠᠨ ᠳ᠋ᠦᠩᠨᠡᠵᠦ᠂ ᠪᠠᠭᠰᠢ ᠶᠢᠨ ᠬᠤᠪᠢ ᠶᠢᠨ ᠦᠰᠦᠨ ᠪᠤᠶᠢᠵᠢᠯᠲᠠ ᠪᠠ ᠪᠠᠭᠰᠢ ᠶᠢᠨ ᠡᠩᠨᠡᠭᠡᠨ ᠤ | ᠪᠦᠬᠦᠯᠢ ᠴᠣᠭᠴᠠ ᠶᠢᠨ ᠬᠡᠪ ᠴᠢᠨᠠᠷ ᠤᠨ ᠳᠡᠭᠡᠭᠰᠢᠯᠡᠯᠲᠡ ᠶᠢ ᠨᠡᠩ ᠰᠠᠶᠢᠲᠤᠷ ᠠᠬᠢᠭᠤᠯᠪᠠ᠃ | ᠲᠣᠰ ᠤᠳᠠᠭᠠᠨ ᠤ ᠠᠵᠢᠯ ᠤᠨ ᠪᠠᠶᠢᠷᠢ ᠶᠢ ᠳᠠᠭᠠᠵᠤ ᠪᠣᠯᠪᠠᠰᠤᠷᠠᠯ ᠬᠦᠷᠲᠡᠭᠡᠵᠦ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠨ ᠪᠠᠶᠢᠭᠤᠯᠤᠭᠰᠠᠨ ᠨᠡᠪᠲᠡᠷᠡᠯᠴᠡᠬᠦ ᠲᠠᠪᠴᠠᠩ ᠢᠶᠠᠷ ᠳᠠᠮᠵᠢᠭᠤᠯᠤᠨ᠂ ᠬᠤᠶᠠᠷ ᠭᠠᠵᠠᠷ ᠤᠨ | ᠦᠨᠳᠦᠰᠦᠲᠡᠨ ᠨᠦᠭᠦᠳ ᠤᠨ ᠵᠠᠯᠠᠭᠤ ᠪᠠᠭᠰᠢ ᠨᠠᠷ ︽ᠬᠠᠮᠲᠤ ᠪᠠᠷ ᠰᠤᠷᠤᠯᠴᠠᠬᠤ᠂ ᠬᠠᠮᠲᠤ ᠪᠠᠷ ᠰᠤᠳᠤᠯᠤᠨ | ᠶᠠᠷᠢᠯᠴᠠᠬᠤ᠂ ᠬᠠᠮᠲᠤ ᠪᠠᠷ ᠦᠢᠯᠡᠳᠦᠯᠭᠡᠵᠢᠭᠦᠯᠬᠦ︾ ᠬᠡᠯᠪᠡᠷᠢ ᠪᠠᠷ ᠠᠤᠬᠠᠨ ᠬᠤᠰᠢᠭᠤᠨ ᠤ ᠪᠠᠭᠰᠢ ᠶᠢᠨ | ᠲᠤᠰᠬᠠᠶᠢᠵᠢᠭᠰᠠᠨ ᠦᠰᠦᠨ ᠪᠤᠶᠢᠵᠢᠯᠲᠠ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠪᠠ ᠠᠷᠭ᠎ᠠ ᠶᠢᠨ | ᠰᠢᠨ᠎ᠡ ᠶᠢ ᠡᠭᠦᠳᠴᠦ᠂ ᠦᠵᠡᠯ ᠰᠠᠨᠠᠭᠠᠨ ᠤ ᠬᠢᠷᠢ ᠲᠦᠪᠰᠢᠨ᠂ ᠤᠯᠤᠰ ᠲᠥᠷᠥ ᠶᠢᠨ ᠤᠬᠠᠮᠰᠠᠷ᠂ ᠶᠣᠰᠣ | ᠮᠣᠷᠠᠯ ᠤᠨ ᠬᠡᠪ ᠴᠢᠨᠠᠷ᠂ ᠰᠣᠶᠣᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ | ᠡᠯ᠎ᠡ ᠦᠨᠳᠦᠰᠦᠲᠡᠨ ᠨᠦᠭᠦᠳ ᠤᠨ ᠵᠠᠯᠠᠭᠤ ᠪᠠᠭᠰᠢ ᠨᠠᠷ ᠬᠢᠴᠢᠶᠡᠯ ᠤᠨ ᠲᠠᠶᠢᠰᠠᠨ ᠳᠤ ᠭᠠᠷᠴᠤ ᠵᠣᠷᠢᠭᠲᠠᠶ | ᠬᠢᠴᠢᠶᠡᠯᠯᠡᠬᠦ᠂ ᠬᠢᠴᠢᠶᠡᠯ ᠤᠨ ᠲᠠᠶᠢᠰᠠᠨ ᠳᠤ ᠵᠣᠭᠰᠤᠪᠠᠯ ᠬᠢᠴᠢᠶᠡᠯᠡᠯᠵᠦ ᠳᠡᠶᠢᠯᠬᠦ ᠂ ᠬᠢᠴᠢᠶᠡᠯ ᠤᠨ ᠲᠠᠶᠢᠰᠠᠨ ᠳᠤ | ᠳᠤᠭᠲᠠᠪᠤᠷᠢᠵᠢᠵᠤ ᠬᠢᠴᠢᠶᠡᠯᠯᠡᠵᠦ ᠴᠢᠳᠠᠬᠤ ᠂ ᠬᠢᠴᠢᠶᠡᠯ ᠤᠨ ᠲᠠᠶᠢᠰᠠᠨ ᠳᠤ ᠵᠣᠭᠰᠤᠪᠠᠯ ᠬᠢᠴᠢᠶᠡᠯᠯᠡᠬᠦ ᠶᠢ ᠪᠣᠳᠤᠬᠤ ᠂ | ᠬᠢᠴᠢᠶᠡᠯ ᠤᠨ ᠲᠠᠶᠢᠰᠠᠨ ᠳᠤ ᠬᠢᠴᠢᠶᠡᠯᠡᠯᠬᠦ ᠳᠤᠷᠠᠲᠠᠢ ᠪᠠᠶᠢᠬᠤ ︽ ᠲᠠᠪᠤᠨ ᠢ ᠳᠡᠪᠰᠢᠬᠦ︾ ᠶᠢ ᠪᠡᠶᠡᠯᠡᠭᠦᠯᠬᠦ ᠶᠢ | ᠲᠦᠷᠭᠡᠳᠬᠡᠨ ᠠᠬᠢᠭᠤᠯᠵᠤ ᠂ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠵᠠᠯᠠᠭᠤ ᠪᠠᠭᠰᠢ ᠶᠢᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠳᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠃ | |