ᠠᠤᠬᠠᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠪᠡᠭᠡᠵᠢᠩ ᠳᠤ ᠬᠦᠷᠴᠦ ᠠᠵᠢᠯ ᠤᠨ ᠪᠠᠶᠢᠷᠢ ᠶᠢ ᠳᠠᠭᠠᠵᠤ ᠪᠣᠯᠪᠠᠰᠤᠷᠠᠯ ᠬᠢᠵᠦ᠂ ᠪᠡᠭᠡᠵᠢᠩ ᠠᠤᠬᠠᠨ ᠤ ᠬᠤᠶᠠᠷ ᠭᠠᠵᠠᠷ ᠤᠨ ᠪᠠᠭᠰᠢ ᠶᠢ ᠰᠣᠯᠢᠯᠴᠠᠨ ᠰᠤᠷᠤᠯᠴᠠᠭᠤᠯᠪᠠ
ᠨᠡᠶᠢᠲᠡᠯᠡᠭᠰᠡᠨ ᠴᠠᠭ᠄
2024/6/19
      ᠣᠶᠢᠷ᠎ᠠ ᠳᠤ᠂ ᠠᠤᠬᠠᠨ ᠨᠢ ᠪᠡᠭᠡᠵᠢᠩ ᠠᠤᠬᠠᠨ ᠤ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂  ᠪᠡᠭᠡᠵᠢᠩ ᠠᠣᠬᠠᠨ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠪᠠᠭᠰᠢ ᠶᠢᠨ ᠶᠠᠪᠤᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ 36 ᠭᠤᠤᠯᠯᠠᠭᠴᠢ ᠪᠠᠭᠰᠢ ᠪᠠ ᠵᠢᠭᠠᠨ ᠰᠤᠳᠤᠯᠤᠭᠴᠢ ᠶᠢ ᠰᠣᠩᠭᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠲᠤ ᠣᠴᠢᠭᠤᠯᠤᠨ ᠠᠵᠢᠯ ᠤᠨ ᠪᠠᠶᠢᠷᠢ ᠳᠤᠨᠢ ᠪᠣᠯᠪᠠᠰᠤᠷᠠᠯ ᠬᠦᠷᠲᠡᠭᠡᠵᠦ᠂  ᠪᠡᠭᠡᠵᠢᠩ ᠠᠣᠬᠠᠨ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠪᠠᠭᠰᠢ ᠰᠤᠷᠤᠭᠴᠢᠳ ᠢ ᠠᠵᠢᠯ ᠪᠠ ᠰᠤᠷᠤᠯᠴᠠᠯᠭ᠎ᠠ ᠶᠢᠨ ᠲᠠᠯ᠎ᠠ ᠪᠠᠷ ᠬᠠᠷᠢᠯᠴᠠᠨ ᠰᠣᠯᠢᠯᠴᠠᠵᠤ᠂ ᠬᠠᠮᠲᠤ ᠪᠠᠷ ᠳᠠᠪᠰᠢᠬᠤ ᠶᠢ ᠠᠬᠢᠭᠤᠯᠪᠠ᠃        36 ᠪᠠᠭᠰᠢ ᠲᠤᠰ ᠲᠤᠰ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠳᠤᠮᠳᠠᠳᠤ ᠭᠠᠳᠠᠭᠠᠳᠤ ᠶᠢᠨ ᠨᠥᠬᠦᠷᠰᠡᠭ ᠬᠡᠦᠬᠡᠳ ᠤᠨ ᠴᠡᠴᠡᠷᠯᠢᠭ᠂ ᠢᠦᠢ ᠴᠢᠤᠸᠠᠨ ᠪᠠᠭ᠎ᠠ ᠰᠤᠷᠭᠠᠭᠤᠯᠢ᠂ ᠢᠦᠢ ᠶᠢᠩ ᠳᠤᠮᠳᠠᠳᠤ ᠰᠤᠷᠭᠠᠭᠤᠯᠢ ᠵᠡᠷᠭᠡ 10 ᠰᠤᠷᠭᠠᠭᠤᠯᠢ ᠳᠤ ᠬᠦᠷᠴᠦ ᠠᠵᠢᠯ ᠤᠨ ᠪᠠᠶᠢᠷᠢ  ᠶᠢ ᠳᠠᠭᠠᠵᠤ ᠰᠤᠷᠤᠯᠴᠠᠵᠤ᠂ ᠤᠨᠤᠯ ᠤᠨ ᠰᠤᠷᠤᠯᠴᠠᠯᠭ᠎ᠠ ᠂ ᠠᠩᠬᠢ ᠳᠠᠭᠠᠵᠤ ᠬᠢᠴᠢᠶᠡᠯ ᠣᠷᠣᠬᠤ ᠪᠠ ᠦᠢᠯᠡᠳᠦᠯᠭᠡ ᠶᠢᠨ ᠪᠣᠯᠪᠠᠰᠤᠷᠠᠯ ᠬᠢᠬᠦ ᠵᠡᠷᠭᠡ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠪᠡᠭᠡᠵᠢᠩ ᠤᠨ ᠡᠯ᠎ᠡ ᠰᠤᠷᠭᠠᠭᠤᠯᠢ ᠶᠢᠨ ᠪᠠᠭᠰᠢ ᠨᠠᠷ ᠲᠠᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠣᠯᠢᠯᠴᠠᠬᠤ ᠪᠠ ᠬᠤᠪᠢᠶᠠᠯᠴᠠᠨ ᠡᠳ᠋ᠯᠡᠵᠦ᠂ ᠪᠡᠭᠡᠵᠢᠩ ᠤᠨ ᠡᠯ᠎ᠡ ᠰᠤᠷᠭᠠᠭᠤᠯᠢ ᠶᠢᠨ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠶᠢ ᠰᠤᠷᠤᠯᠴᠠᠬᠤ ᠪᠠᠷ ᠭᠤᠣᠯᠳᠠᠯᠭ᠎ᠠ ᠪᠣᠯᠭᠠᠵᠤ᠂ ᠵᠢᠭᠠᠨ ᠰᠤᠷᠭᠠᠯᠲᠠ ᠶᠢᠨ ᠠᠰᠠᠭᠤᠳᠠᠯ ᠢ ᠢᠯᠡᠷᠡᠭᠦᠯᠵᠦ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠳ᠋ᠦᠩᠨᠡᠵᠦ᠂ ᠪᠠᠭᠰᠢ ᠶᠢᠨ ᠬᠤᠪᠢ ᠶᠢᠨ ᠦᠰᠦᠨ ᠪᠤᠶᠢᠵᠢᠯᠲᠠ ᠪᠠ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠤᠨ ᠳᠡᠭᠡᠭᠰᠢᠯᠡᠯᠲᠡ ᠶᠢ ᠨᠡᠩ ᠰᠠᠶᠢᠲᠤᠷ ᠠᠬᠢᠭᠤᠯᠪᠠ᠃        ᠲᠣᠰ ᠤᠳᠠᠭᠠᠨ ᠤ ᠠᠵᠢᠯ ᠤᠨ ᠪᠠᠶᠢᠷᠢ  ᠶᠢ ᠳᠠᠭᠠᠵᠤ ᠪᠣᠯᠪᠠᠰᠤᠷᠠᠯ ᠬᠦᠷᠲᠡᠭᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠪᠠᠶᠢᠭᠤᠯᠤᠭᠰᠠᠨ ᠨᠡᠪᠲᠡᠷᠡᠯᠴᠡᠬᠦ ᠲᠠᠪᠴᠠᠩ ᠢᠶᠠᠷ ᠳᠠᠮᠵᠢᠭᠤᠯᠤᠨ᠂ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠵᠠᠯᠠᠭᠤ ᠪᠠᠭᠰᠢ ᠨᠠᠷ ︽ᠬᠠᠮᠲᠤ ᠪᠠᠷ ᠰᠤᠷᠤᠯᠴᠠᠬᠤ᠂ ᠬᠠᠮᠲᠤ ᠪᠠᠷ ᠰᠤᠳᠤᠯᠤᠨ ᠶᠠᠷᠢᠯᠴᠠᠬᠤ᠂ ᠬᠠᠮᠲᠤ ᠪᠠᠷ ᠦᠢᠯᠡᠳᠦᠯᠭᠡᠵᠢᠭᠦᠯᠬᠦ︾ ᠬᠡᠯᠪᠡᠷᠢ ᠪᠠᠷ ᠠᠤᠬᠠᠨ ᠬᠤᠰᠢᠭᠤᠨ ᠤ ᠪᠠᠭᠰᠢ ᠶᠢᠨ ᠲᠤᠰᠬᠠᠶᠢᠵᠢᠭᠰᠠᠨ ᠦᠰᠦᠨ ᠪᠤᠶᠢᠵᠢᠯᠲᠠ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠪᠠ ᠠᠷᠭ᠎ᠠ ᠶᠢᠨ ᠰᠢᠨ᠎ᠡ ᠶᠢ ᠡᠭᠦᠳᠴᠦ᠂ ᠦᠵᠡᠯ ᠰᠠᠨᠠᠭᠠᠨ ᠤ ᠬᠢᠷᠢ ᠲᠦᠪᠰᠢᠨ᠂ ᠤᠯᠤᠰ ᠲᠥᠷᠥ ᠶᠢᠨ ᠤᠬᠠᠮᠰᠠᠷ᠂ ᠶᠣᠰᠣ ᠮᠣᠷᠠᠯ ᠤᠨ ᠬᠡᠪ ᠴᠢᠨᠠᠷ᠂ ᠰᠣᠶᠣᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠦᠨᠳᠦᠰᠦᠲᠡᠨ ᠨᠦᠭᠦᠳ ᠤᠨ ᠵᠠᠯᠠᠭᠤ ᠪᠠᠭᠰᠢ ᠨᠠᠷ ᠬᠢᠴᠢᠶᠡᠯ ᠤᠨ ᠲᠠᠶᠢᠰᠠᠨ ᠳᠤ ᠭᠠᠷᠴᠤ ᠵᠣᠷᠢᠭᠲᠠᠶ ᠬᠢᠴᠢᠶᠡᠯᠯᠡᠬᠦ᠂  ᠬᠢᠴᠢᠶᠡᠯ ᠤᠨ ᠲᠠᠶᠢᠰᠠᠨ ᠳᠤ  ᠵᠣᠭᠰᠤᠪᠠᠯ ᠬᠢᠴᠢᠶᠡᠯᠡᠯᠵᠦ ᠳᠡᠶᠢᠯᠬᠦ ᠂ ᠬᠢᠴᠢᠶᠡᠯ ᠤᠨ ᠲᠠᠶᠢᠰᠠᠨ ᠳᠤ ᠳᠤᠭᠲᠠᠪᠤᠷᠢᠵᠢᠵᠤ ᠬᠢᠴᠢᠶᠡᠯᠯᠡᠵᠦ ᠴᠢᠳᠠᠬᠤ ᠂ ᠬᠢᠴᠢᠶᠡᠯ ᠤᠨ ᠲᠠᠶᠢᠰᠠᠨ ᠳᠤ ᠵᠣᠭᠰᠤᠪᠠᠯ ᠬᠢᠴᠢᠶᠡᠯᠯᠡᠬᠦ ᠶᠢ ᠪᠣᠳᠤᠬᠤ ᠂ ᠬᠢᠴᠢᠶᠡᠯ ᠤᠨ ᠲᠠᠶᠢᠰᠠᠨ ᠳᠤ ᠬᠢᠴᠢᠶᠡᠯᠡᠯᠬᠦ ᠳᠤᠷᠠᠲᠠᠢ ᠪᠠᠶᠢᠬᠤ  ︽  ᠲᠠᠪᠤᠨ  ᠢ ᠳᠡᠪᠰᠢᠬᠦ︾ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠵᠤ ᠂ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠵᠠᠯᠠᠭᠤ ᠪᠠᠭᠰᠢ ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠳᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号