ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2024/6/19
      ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃        ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠰᠤᠷᠭᠠᠭᠤᠯᠢ ᠶᠢᠨ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠴᠤ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠶᠢ ᠵᠢᠷᠤᠮᠵᠢᠭᠤᠯᠤᠨ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠵᠢᠴᠢ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠬᠦ ᠶᠢ  ᠱᠠᠯᠠᠪᠳᠠᠭᠤᠯᠵᠤ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠳᠡᠮᠵᠢᠨ᠂ ᠰᠤᠷᠭᠠᠭᠤᠯᠢ ᠶᠢᠨ ᠬᠠᠷᠢᠭᠤᠴᠠᠯᠭᠠᠲᠠᠨ ᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠨᠠᠩ ᠰᠠᠶᠢᠲᠤᠷ ᠰᠡᠷᠭᠡᠶᠢᠯᠡᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠦ ᠴᠢᠩᠭ᠎ᠠ ᠱᠠᠭᠠᠷᠳᠠᠪᠠ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号