ᠰᠢᠨ ᠾᠦᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/6/20
    ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠰᠢᠨ ᠾᠦᠢ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠪᠠᠶᠢᠴᠠᠭᠠᠵᠤ ᠢᠯᠡᠷᠡᠭᠦᠯᠦᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾ ᠪᠠᠷ ᠬᠠᠤᠯᠢ ᠶᠣᠰᠣᠭᠠᠷ  ᠰᠢᠢᠳᠬᠡᠪᠡ᠃    ᠣᠶᠢᠷ᠎ᠠ ᠳᠤ᠂ ᠰᠢᠨ ᠾᠦᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠶᠤᠯᠭᠦᠶ  ᠦᠢᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ ᠶᠢᠨ ᠳᠤᠮᠳᠠ ᠨᠢᠭᠡ ᠠᠵᠤ ᠠᠬᠤᠶᠢᠯᠠᠯ ᠠᠶᠤᠯᠭᠦᠶ  ᠦᠢᠯᠡᠳᠪᠦᠷᠢᠯᠡᠯ ᠤᠨ ︽ᠭᠤᠷᠪᠠ ᠶᠢ ᠬᠠᠮᠲᠤ ᠳᠤᠨᠢ ᠬᠢᠬᠦ︾ ᠭᠠᠷ  ᠭᠦᠢᠴᠡᠳᠬᠡᠯ ᠢ ᠭᠦᠢᠴᠡᠳᠬᠡᠭᠰᠡᠨ ᠥᠬᠡᠶ  ᠪᠠᠶᠢᠬᠤ ᠶᠢ ᠣᠯᠵᠤ ᠮᠡᠳᠡᠭᠡᠳ᠂ ᠨᠢᠭᠡᠨᠲᠡ ᠵᠠᠷᠯᠢᠭᠳᠠᠨ ᠦᠢᠯᠡᠳᠪᠦᠷᠢᠯᠡᠯ ᠢ ᠵᠣᠭᠰᠣᠭᠠᠭᠰᠠᠨ ᠪᠣᠯᠪᠠᠴᠤ ᠦᠷᠭᠦᠯᠵᠢᠯᠡᠨ ᠡᠷᠭᠢᠨ ᠪᠠᠶᠢᠴᠠᠭᠠᠭᠰᠠᠨ ᠤ ᠳᠠᠷᠠᠭ᠎ᠠ᠂ ᠲᠣᠰ ᠠᠵᠤ ᠠᠬᠤᠶᠢᠯᠠᠯ ᠨᠢ ᠳᠣᠭᠲᠠᠭᠠᠯ ᠶᠣᠰᠤᠭᠠᠷ ᠵᠠᠰᠠᠨ ᠰᠠᠶᠢᠵᠢᠷᠠᠭᠤᠯᠤᠭᠰᠠᠨ ᠦᠭᠡᠢ ᠶᠢ ᠣᠯᠵᠤ  ᠮᠡᠳᠡᠪᠡ᠃ ᠪᠠᠶᠢᠳᠠᠯ ᠢ ᠢᠯᠡᠷᠡᠭᠦᠯᠦᠭᠰᠡᠨ ᠤ ᠳᠠᠷᠠᠭ᠎ᠠ ᠰᠢᠨ ᠾᠦᠢ ᠪᠠᠯᠭᠠᠰᠤ ᠦᠳᠲᠡᠷ ᠲᠦᠷᠭᠡᠨ ᠬᠥᠳᠡᠯᠦᠯᠴᠡᠵᠦ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠳᠤ ᠨᠡᠷ᠎ᠡ ᠮᠡᠳᠡᠭᠦᠯᠦᠨ᠂ 6 ᠰᠠᠷ᠎ᠠ ᠶᠢᠨ 17 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠰᠢᠨ ᠾᠦᠢ ᠪᠠᠯᠭᠠᠰᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ ᠤᠨ ᠠᠵᠢᠯᠲᠠᠨ ᠲᠠᠢ ᠬᠠᠮᠲᠤ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ᠂ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠶᠠᠮᠠᠷ ᠴᠤ ᠦᠢᠯᠡᠳᠪᠦᠷᠢᠯᠡᠯ ᠤᠨ ᠠᠵᠢᠯᠯᠠᠭ᠎ᠠ  ᠬᠢᠵᠦ ᠪᠣᠯᠬᠤ ᠥᠬᠡᠶ ᠭᠡᠵᠦ ᠱᠠᠭᠠᠷᠳᠠᠪᠠ᠃    ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠵᠤ ᠠᠬᠤᠶᠢᠯᠠᠯ ᠥᠪᠡᠷ ᠤᠨ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ᠃ ᠰᠢᠨ ᠾᠦᠢ ᠪᠠᠯᠭᠠᠰᠤ ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠪᠤᠢ ᠪᠦᠬᠦᠢ ᠠᠵᠤ ᠠᠬᠤᠶᠢᠯᠠᠯ ᠴᠥᠮ ᠦᠢᠯᠡᠳᠪᠦᠷᠢᠯᠡᠯ ᠢᠶᠠᠨ ᠵᠣᠭᠰᠣᠭᠠᠬᠤ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠪᠠᠨ ᠴᠢᠩᠭ᠎ᠠ ᠬᠡᠷᠡᠭᠵᠢᠭᠦᠯᠬᠦ ᠶᠢ ᠪᠠᠲᠤᠯᠠᠵᠤ᠂ ᠨᠡᠶᠢᠭᠡᠮ ᠳᠤ ᠠᠮᠤᠷ ᠲᠦᠪᠰᠢᠨ᠂ ᠲᠣᠭᠲᠠᠭᠤᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ ᠴᠢᠩᠭ᠎ᠠ ᠬᠦᠴᠦᠲᠡᠢ ᠬᠢᠨᠠᠯᠲᠠ ᠬᠠᠮᠢᠶᠠᠷᠤᠯᠲᠠ ᠳᠣᠣᠷ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠨᠡᠩ ᠵᠢᠷᠤᠮᠵᠢᠭᠤᠨ᠂ ᠠᠮᠤᠷ ᠲᠦᠪᠰᠢᠨ ᠪᠠᠶᠢᠬᠤ ᠶᠢ ᠪᠢᠳᠡ ᠬᠠᠮᠲᠤ ᠪᠠᠷ ᠬᠦᠰᠡᠨ ᠬᠦᠯᠢᠶᠡᠵᠦ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号