ᠰᠢᠶᠠ ᠸᠠ ᠪᠠᠯᠭᠠᠰᠤ᠄ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/6/20
     ᠵᠠᠬᠢᠳᠠᠯ ᠰᠤᠷᠪᠤᠯᠵᠢᠯᠠᠯ ᠤᠨ ᠠᠵᠢᠯ ᠪᠣᠯ ᠣᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠪᠠᠰᠠ ᠴᠤ ᠵᠠᠬᠢᠳᠠᠯ ᠰᠤᠷᠪᠤᠯᠵᠢᠯᠠᠯ ᠬᠢᠭᠰᠡᠨ ᠣᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠰᠢᠶᠠ ᠸᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠦᠭᠭᠦᠨ᠎ᠡ᠃    6 ᠰᠠᠷ᠎ᠠ ᠶᠢᠨ 19 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠧᠦ ᠭᠦᠸᠧ ᠯᠦᠩ ᠪᠠᠯᠭᠠᠰᠤᠨ ᠤ ᠨᠡᠶᠢᠭᠡᠮ ᠤᠨ ᠠᠵᠢᠯ ᠤᠨ ᠬᠡᠯᠲᠡᠰ᠂ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠤᠨ ᠬᠢᠨ ᠭᠤᠸᠠᠩ ᠰᠢᠩ ᠲᠠᠢ ᠲᠣᠰᠬᠤᠨ ᠳᠤ ᠬᠦᠷᠴᠦ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠦᠰᠡᠯ ᠱᠠᠭᠠᠷᠳᠠᠯᠭ᠎ᠠ ᠶᠢᠨ ᠵᠦᠢᠯᠡᠰ ᠲᠤ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠵᠠᠬᠢᠳᠠᠯ ᠰᠤᠷᠪᠤᠯᠵᠢᠯᠠᠭ᠎ᠠ ᠬᠢᠭᠰᠡᠳ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢᠨ ᠲᠤᠬᠠᠶ ᠶᠠᠷᠢᠯᠴᠠᠨ ᠨᠡᠪᠲᠡᠷᠡᠯᠴᠡᠵᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠠᠤᠯᠢ ᠶᠣᠰᠣᠨ ᠤ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠢᠨᠠᠷ ᠰᠠᠶᠢᠲᠠᠶ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ  ᠦᠭᠭᠦᠨ᠎ᠡ᠃ ᠡᠨᠡ ᠵᠢᠯ ᠤᠨ ᠬᠤᠶᠠᠳᠤᠭᠠᠷ ᠤᠯᠠᠷᠢᠯ ᠳᠤ᠂ ᠰᠢᠶᠠ ᠸᠠ ᠪᠠᠯᠭᠠᠰᠤ ᠨᠡᠶᠢᠳᠡ 20 ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ ᠲᠣᠰᠬᠤᠨ ᠳᠤ 15 ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠪᠠᠯᠭᠠᠰᠤ ᠲᠣᠰᠬᠤᠨ ᠬᠠᠮᠲᠤᠪᠠᠷ 5 ᠵᠥᠷᠢᠴᠡᠯ ᠢ ᠡᠶᠡᠳᠡᠭᠦᠯᠪᠡ᠃    ᠤᠢᠢᠷ᠎ᠠ ᠶᠢᠨ ᠵᠢᠯ ᠠᠴᠠ᠂ ᠰᠢᠶᠠ ᠸᠠ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠂ ︽ᠫᠦ᠋ ᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ︽ᠣᠷᠣᠯᠠᠨ ᠭᠦᠢᠴᠡᠳᠬᠡᠬᠦ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠪᠡ᠃ ᠲᠤᠰᠬᠠᠶ ᠬᠥᠮᠦᠨ ᠣᠷᠣᠯᠠᠨ ᠭᠦᠢᠴᠡᠳᠬᠡᠬᠦ᠂ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ᠂ ᠲᠤᠰᠬᠠᠶ ᠬᠤᠷᠠᠯ ᠬᠢᠬᠦ ᠪᠠᠷ ᠳᠠᠮᠵᠢᠨ᠂ ᠬᠥᠳᠡᠯᠦᠩᠭᠦᠶ ᠪᠠᠷ ᠰᠡᠷᠭᠡᠶᠢᠯᠡᠨ  ᠬᠠᠮᠠᠭᠠᠯᠠᠨ᠎ᠠ᠃ ︽ᠨᠢᠭᠡ ᠥᠷᠲᠡᠭᠡᠨ ᠤ ᠮᠠᠶ᠋ᠢᠭ︾ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ ᠦᠵᠡᠰᠬᠦᠯᠡᠩᠲᠦ ᠰᠠᠶᠢᠬᠠᠨ ᠰᠢᠶᠠ ᠸᠠ᠂  ᠠᠮᠤᠷ ᠠᠮᠤᠭᠤᠯᠠᠩ ᠰᠢᠶᠠ ᠸᠠ ᠶᠢ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠵᠦ᠂ ᠰᠢᠶᠠ ᠸᠠ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ  ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号