ᠬᠤᠸᠠᠩ ᠶᠠᠩ ᠸᠠ ᠪᠠᠯᠭᠠᠰᠤ ᠬᠠᠤᠯᠢ ᠪᠤᠰᠤ ᠪᠠᠷ ᠪᠠᠯᠠ ᠴᠤᠭᠯᠠᠭᠤᠯᠬᠤ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
    ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠪᠦᠲᠦᠮᠵᠢᠲᠡᠶ ᠬᠤᠷᠢᠭᠯᠠᠵᠤ᠂ ᠪᠥᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠥᠷᠭᠡᠨ ᠣᠯᠠᠨ ᠠᠷᠠᠳ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠬᠤᠸᠠᠩ ᠶᠠᠩ ᠸᠠ ᠪᠠᠯᠭᠠᠰᠤᠨ ᠤ ᠬᠠᠮᠲᠤᠷᠠᠭᠰᠠᠨ ᠲᠣᠮᠢᠯᠠᠭᠰᠠᠨ ᠰᠠᠯᠪᠤᠷᠢ ᠬᠠᠤᠯᠢ ᠪᠤᠰᠤ ᠪᠠᠷ ᠪᠠᠯᠠ ᠴᠤᠭᠯᠠᠭᠤᠯᠬᠤ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠬᠠᠤᠯᠢ ᠶᠢ ᠲᠥᠪᠯᠡᠷᠡᠭᠦᠯᠦᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠬᠤᠳᠠᠯ ᠬᠠᠭᠤᠷᠮᠠᠭ ᠰᠦᠯᠵᠢᠶᠡᠨ ᠤ ᠵᠢᠭᠡᠯᠡᠯᠭᠡ ᠲᠠᠯᠪᠢᠬᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠪᠠᠷ ᠬᠠᠭᠤᠷᠮᠠᠭᠯᠠᠬᠤ᠂ ᠬᠤᠳᠠᠯ ᠬᠠᠭᠤᠷᠮᠠᠭ ᠢᠶᠠᠷ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ᠂ ᠬᠡᠷᠡᠭᠯᠡᠭᠴᠢᠳ ᠲᠤ ᠦᠢᠯᠡᠴᠢᠯᠡᠬᠦ ᠵᠡᠷᠭᠡ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠵᠠᠮ ᠪᠠ ᠰᠡᠷᠭᠡᠶᠢᠯᠡᠬᠦ ᠠᠷᠭ᠎ᠠ ᠶᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠬᠠᠤᠯᠢ ᠪᠤᠰᠤ ᠪᠠᠷ ᠪᠡᠯᠡ ᠴᠤᠭᠯᠠᠭᠤᠯᠵᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠣᠯᠠᠨ ᠲᠦᠮᠡᠨ ᠤ ᠲᠠᠨᠢᠯ ᠪᠤᠰᠤ ᠤᠲᠠᠰᠤ ᠪᠠ ᠮᠡᠳᠡᠭᠡ ᠵᠠᠩᠭᠢ ᠶᠢ ᠬᠦᠩᠭᠡᠨ ᠬᠠᠭᠤᠳᠠᠮ ᠢᠶᠠᠷ ᠢᠲᠡᠭᠡᠵᠦ ᠪᠣᠯᠬᠤ ᠦᠭᠡᠢ᠂  ᠪᠠᠭ᠎ᠠ ᠠᠰᠢᠭ ᠲᠤ ᠰᠢᠨᠤᠬᠠᠶᠢᠷᠠᠵᠤ ᠪᠣᠯᠬᠤ ᠦᠭᠡᠢ᠂ ᠰᠡᠵᠢᠭ ᠲᠠᠢ ᠪᠠᠶᠢᠳᠠᠯ ᠭᠠᠷᠤᠭᠰᠠᠨ ᠤ ᠳᠠᠷᠠᠭ᠎ᠠ ᠭᠡᠷ ᠤᠨ ᠬᠥᠮᠦᠰ ᠪᠠ ᠨᠠᠶᠢᠵᠠ ᠨᠥᠬᠦᠳ ᠲᠠᠢ ᠢᠯᠡᠭᠦᠬᠡᠨ ᠵᠥᠪᠳᠡᠯᠴᠡᠬᠦ ᠪᠤᠶᠤ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠢᠴᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ︽ᠦᠨᠡᠨ ᠳᠦᠷᠰᠦ︾ ᠶᠢ ᠢᠯᠡᠷᠡᠭᠦᠯᠵᠦ᠂ ᠴᠠᠭ ᠢᠮᠠᠭᠲᠠ ᠰᠡᠷᠡᠮᠵᠢᠯᠡᠵᠦ᠂ ᠥᠪᠡᠷ ᠤᠨ ︽ᠵᠣᠭᠤᠰᠣᠨ ᠤᠭᠤᠲᠠ︾ ᠪᠠᠨ ᠰᠠᠶᠢᠲᠤᠷ ᠰᠠᠬᠢᠬᠤ ᠬᠡᠷᠡᠭᠲᠡᠶ ᠭᠡᠵᠦ ᠰᠡᠷᠡᠮᠵᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠂ ᠡᠯ᠎ᠡ ᠲᠥᠷᠥᠯ ᠤᠨ ᠤᠬᠠᠭᠤᠯᠭ᠎ᠠ ᠶᠢᠨ ᠳᠡᠪᠲᠡᠷ ᠵᠢᠴᠢ ᠤᠬᠠᠭᠤᠯᠭ᠎ᠠ ᠶᠢᠨ ᠥᠩᠭᠡᠲᠦ ᠬᠠᠭᠤᠳᠠᠰᠤ ᠶᠢ 1000 ᠭᠠᠷᠤᠶ ᠬᠤᠪᠢ ᠲᠠᠷᠬᠠᠭᠠᠵᠤ᠂ 5 ᠬᠥᠮᠦᠨ ᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ ᠂ ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠲᠥᠭᠡᠷᠢᠭᠳᠡᠯ ᠢ ᠤᠬᠠᠮᠰᠠᠷ ᠠᠴᠠ ᠪᠠᠨ ᠬᠤᠷᠢᠭᠯᠠᠬᠤ ᠵᠢᠴᠢ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃    ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠤ ᠮᠡᠬᠡᠯᠡᠯ ᠢ ᠲᠠᠨᠢᠵᠤ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠦᠨ ᠪᠦᠬᠦᠨ ᠮᠡᠳᠡᠵᠦ᠂ ᠡᠷᠦᠬᠡ ᠪᠣᠯᠭᠠᠨ ᠰᠡᠷᠭᠡᠶᠢᠯᠡᠬᠦ ᠶᠢ  ᠪᠡᠶᠡᠯᠡᠭᠦᠯᠪᠡ᠃ ᠵᠠᠯᠭᠠᠭᠠᠳ᠂ ᠬᠤᠸᠠᠩ ᠶᠠᠩ ᠸᠠ ᠪᠠᠯᠭᠠᠰᠤ ᠶᠢᠨ ᠬᠢᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠬᠠᠤᠯᠢᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠬᠠᠤᠯᠢᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠠᠤᠯᠢᠵᠢᠯ ᠤᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号