ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠨᠠᠷ ᠮᠠᠨ ᠤ ᠬᠤᠰᠢᠭᠤᠨ ᠤ ᠱᠠᠨ ᠸᠠᠨ ᠽᠢ ᠤᠰᠤᠨ ᠴᠥᠭᠦᠷᠥᠮ ᠤᠨ ᠨᠡᠪᠴᠢᠬᠦ ᠶᠢ ᠰᠡᠷᠭᠡᠶᠢᠯᠡᠬᠦ ᠢᠨᠵᠧᠨᠧᠷᠢᠩ ᠤᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/20
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠪᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠢᠦᠶ ᠱᠢ ᠵᠡᠷᠭᠡ ᠬᠠᠷᠢᠭᠤᠴᠠᠯᠭᠠᠲᠠᠨ ᠨᠥᠬᠦᠳ ᠪᠠ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠳᠡᠳ᠋ ᠳᠠᠷᠤᠭ᠎ᠠ ᠵᠢᠶ ᠰᠢᠤᠢ ᠳ᠋ᠦᠩ ᠵᠢᠴᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠸᠧᠶ᠂ ᠬᠤᠰᠢᠭᠤᠨ ᠤ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠵᠠᠩ ᠰᠢᠤ ᠵᠢᠶᠦ᠋ᠨ ᠵᠡᠷᠭᠡ ᠬᠦᠮᠦᠰ ᠤᠨ ᠪᠠᠷ᠎ᠠ ᠪᠤᠯᠤᠯᠭ᠎ᠠ ᠳᠣᠣᠷ᠎ᠠ᠂ ᠱᠠᠨ ᠸᠠᠨ ᠽᠢ ᠤᠰᠤᠨ ᠴᠥᠭᠦᠷᠥᠮ ᠤᠨ ᠨᠡᠪᠴᠢᠵᠦ ᠭᠤᠭᠤᠵᠢᠬᠤ ᠶᠢ ᠰᠢᠢᠳᠪᠦᠷᠢᠯᠡᠬᠦ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    ᠱᠧᠩ ᠰᠢᠶᠣᠣ ᠶᠢᠤ ᠨᠠᠷ ᠱᠠᠨ ᠸᠠᠨ ᠽᠢ ᠤᠰᠤᠨ ᠴᠥᠭᠦᠷᠥᠮ ᠤᠨ ᠨᠡᠪᠴᠢᠵᠦ ᠭᠤᠭᠤᠵᠢᠬᠤ ᠶᠢ ᠰᠢᠢᠳᠪᠦᠷᠢᠯᠡᠬᠦ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠬᠦᠷᠴᠦ᠂ ᠪᠠᠷᠢᠯᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠠᠮᠢᠶᠠᠷᠴᠤ ᠬᠠᠮᠠᠭᠠᠯᠠᠬᠤ ᠲᠥᠪ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠱᠧᠩ ᠰᠢᠶᠣᠣ ᠶᠢᠤ᠂ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠤᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠰᠤᠨ ᠲᠣᠣᠷᠵᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠥᠯᠭᠢᠨ ᠠᠬᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠡᠨ ᠬᠦ ᠪᠠᠲᠤᠯᠠᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠡᠬᠢ ᠪᠠᠶᠠᠯᠢᠭ ᠢᠶᠠᠨ ᠨᠢᠭᠡᠳᠦᠯᠲᠡᠶ ᠲᠥᠯᠥᠪᠯᠡᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠵᠤ᠂ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠶ᠃ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠲᠦᠷᠦᠯ ᠵᠦᠢᠯ ᠤᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠠᠵᠢᠯᠯᠠᠭᠠᠨ ᠢ ᠯᠠᠪᠳᠠᠭᠤᠨ ᠢᠶᠠᠷ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ  ᠵᠢᠭᠠᠨ ᠭᠠᠷᠭᠠᠪᠠ᠃    ᠱᠧᠩ ᠰᠢᠶᠣᠣ ᠶᠢᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠦᠶᠡᠷ ᠢ ᠥᠩᠭᠡᠷᠡᠭᠦᠯᠬᠦ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠦᠶᠡᠷ ᠢ ᠥᠩᠭᠡᠷᠡᠭᠦᠯᠬᠦ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠪᠡᠯᠡᠳᠬᠡᠯ ᠢ ᠡᠷᠲᠡᠬᠡᠨ ᠰᠠᠶᠢᠲᠤᠷ ᠬᠢᠵᠦ᠂ ᠪᠠᠷᠢᠮᠵᠢᠶ᠎ᠠ ᠶᠢᠨ ᠦᠶᠡᠷ ᠤᠨ ᠬᠤᠭᠤᠴᠠᠭᠠᠨ ᠳᠤ ︽ᠬᠥᠮᠦᠨ ᠬᠠᠷ᠎ᠠ ᠦᠬᠦᠵᠦ ᠰᠢᠷᠬᠠᠲᠤᠬᠤ ᠥᠬᠡᠶ᠂ ᠤᠰᠤᠨ ᠴᠥᠭᠦᠷᠥᠮ ᠳᠤ ᠬᠠᠰᠢᠯᠭ᠎ᠠ ᠰᠡᠲᠡᠷᠡᠬᠦ ᠥᠬᠡᠶ᠂ ᠴᠢᠬᠤᠯᠠ ᠭᠤᠣᠯᠳᠠᠯᠭ᠎ᠠ ᠣᠷᠤᠨ ᠳᠤ ᠬᠠᠰᠢᠯᠭ᠎ᠠ ᠰᠡᠲᠡᠷᠡᠬᠦ ᠥᠬᠡᠶ᠂ ᠴᠢᠬᠤᠯᠠ ᠰᠠᠭᠤᠷᠢ ᠲᠥᠬᠦᠭᠡᠷᠦᠮᠵᠢ ᠳᠠᠭᠠᠷᠢᠯᠲᠠ ᠳᠤ ᠤᠴᠠᠷᠠᠬᠤ ᠥᠬᠡᠶ︾ ᠪᠠᠶᠢᠬᠤ ᠦᠶᠡᠷ ᠢ ᠰᠡᠷᠭᠡᠶᠢᠯᠡᠬᠦ ᠬᠠᠷᠠᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠨᠵᠧᠨᠧᠷᠢᠩ ᠪᠣᠯᠤᠨ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ ᠂ ᠪᠦᠬᠦ ᠨᠡᠶᠢᠭᠡᠮ ᠤᠨ ᠤᠰᠤ ᠬᠡᠷᠡᠭᠯᠡᠬᠦ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号