ᠠᠤᠬᠠᠨ ᠬᠤᠰᠢᠭᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/20
    ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠵᠠᠮ ᠲᠡᠭᠡᠭᠡᠪᠦᠷᠢ ᠶᠢᠨ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠲᠥᠰᠦᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ 6 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠠᠤᠬᠠᠨ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ 26 ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃    ᠲᠣᠰ ᠤᠳᠠᠭᠠᠨ ᠤ ᠪᠣᠯᠪᠠᠰᠤᠷᠠᠯ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠡᠷᠭᠢᠯᠡᠵᠦ ᠪᠠᠶᠢᠭ᠎ᠠ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠭᠤᠤᠯᠳᠠᠭᠤ ︽ᠠᠶᠤᠯᠭᠦᠶ  ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾ ︽ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︾ ᠵᠢᠴᠢ ᠠᠶᠤᠯᠭᠦᠶ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠵᠡᠷᠭᠡ ᠶᠢᠨ ᠲᠣᠭᠤᠷᠢᠨ ᠳᠤ ᠲᠠᠶᠢᠯᠤᠮᠵᠢ ᠬᠢᠯᠭᠡᠵᠦ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ ᠪᠣᠯᠪᠠᠰᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠤᠯᠠᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ  ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠤᠷᠤᠯᠴᠠᠯᠭ᠎ᠠ ᠪᠠ ᠬᠡᠷᠡᠭᠯᠡᠯᠲᠡ ᠶᠢ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠬᠦ ᠠᠵᠢᠯ ᠲᠦᠷᠦᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ  ᠳᠡᠭᠡᠭᠰᠢᠯᠡᠭᠦᠯᠦᠨ᠎ᠡ ᠭᠡᠵᠦ ᠢᠯᠡᠳᠭᠡᠵᠡᠭᠡᠪᠡ ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ ᠪᠦᠬᠦ ᠪᠣᠯᠪᠠᠰᠤᠷᠠᠯ ᠤᠨ ᠰᠤᠷᠤᠯᠭᠠᠲᠠᠨ ᠳᠤ ᠪᠢᠴᠢᠭ ᠤᠨ ᠬᠢᠨᠠᠨ ᠰᠢᠯᠭᠠᠯᠲᠠ ᠬᠢᠵᠡᠢ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠠᠭ ᠥᠷᠨᠢᠭᠦᠯᠵᠦ ᠪᠠᠶᠢᠭ᠎ᠠ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠨᠠᠷᠢᠯᠢᠭ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号