ᠪᠧᠨ ᠶᠤᠸᠠᠨ ᠱᠢ ᠳ᠋ᠠᠢ ᠡᠭᠦᠰᠬᠡᠯ  ᠲᠣᠣᠷᠵᠢᠯ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ  ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/6/20
        6 ᠰᠠᠷ᠎ᠠ ᠶᠢᠨ 19 ᠤ ᠡᠳᠦᠷ᠂ ︽ᠲᠡᠭ ᠨᠡᠭᠦᠷᠡᠰᠦᠲᠥ᠋ᠷᠥᠭᠴᠢ ᠪᠠᠷ ᠦᠨᠳᠦᠰᠦ ᠪᠣᠯᠭᠠᠵᠤ  ᠡᠭᠦᠰᠬᠡᠯ ᠬᠦᠳᠡᠯᠦᠯ ᠤᠨ ᠢᠷᠡᠭᠡᠳᠦᠢ︾ ᠪᠧᠨ ᠶᠤᠸᠠᠨ ᠱᠢ ᠳ᠋ᠠᠢ ᠡᠭᠦᠰᠬᠡᠯ ᠲᠣᠣᠷᠵᠢᠯ ᠳᠠᠭᠠᠭᠠᠴᠠ ᠨᠥᠭᠡᠴᠡ ᠶᠢ ᠨᠢᠭᠡ ᠴᠤᠬᠴᠠᠵᠢᠭᠤᠯᠬᠤ ᠲᠦᠷᠦᠯ ᠵᠦᠢᠯ ᠤᠨ ᠡᠬᠢᠯᠡᠯᠲᠡ ᠶᠢᠨ ᠠᠵᠢᠯᠯᠠᠭ᠎ᠠ ᠰᠢᠨ ᠾᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃
C:\Users\Administrator\Desktop\1.jpg
    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠵᠡᠷᠭᠡ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠪᠧᠨ ᠶᠤᠸᠠᠨ  ᠱᠢ ᠳ᠋ᠠᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠵᠢᠶᠠᠨ᠂ ᠠᠶ ᠺᠧᠨ ᠪᠦᠯᠦᠭᠯᠡᠯ ᠤᠨ ᠪᠥᠬᠦ ᠪᠥᠮᠪᠥᠷᠴᠡᠭ ᠤᠨ ᠡᠷᠡᠭᠦᠯ ᠮᠡᠨᠳᠦ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠡᠳ᠋ ᠶᠡᠷᠦᠩᠬᠡᠶ ᠵᠠᠬᠢᠷᠤᠯ ᠶᠤᠸᠠᠢ ᠬᠠᠨ ᠠᠪᠤᠭᠠᠶ᠂ ᠥᠪᠥᠷ ᠮᠣᠩᠭᠤᠯ ᠤᠨ ᠯᠦᠩ ᠶᠤᠸᠠᠨ ᠮᠧᠩ ᠳ᠋ᠦᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠶᠦ᠋ᠨ ᠫᠢᠩ᠂ ᠱᠠᠩᠬᠠᠶ ᠶᠢᠨ ᠪᠦᠦ ᠶᠧ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠾᠧ ᠷᠠᠨ᠂ ᠳᠤᠮᠳᠠᠳᠤ ᠤᠯᠤᠰ ᠤᠨ ᠪᠠᠷᠢᠯᠭ᠎ᠠ ᠶᠢᠨ ᠭᠤᠷᠪᠠᠳᠤᠭᠠᠷ ᠲᠣᠪᠴᠢᠶ᠎ᠠ ︵ᠱᠠᠨᠳᠦ᠋ᠩ︶ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠭᠦᠢᠴᠡᠳᠬᠡᠭᠴᠢ ᠶᠡᠷᠦᠩᠬᠡᠶ ᠳᠠᠭᠠᠭᠠᠮᠠᠯ ᠯᠢᠦ ᠸᠧᠨ ᠴᠢ᠂ ᠨᠠᠨᠲ᠋ᠦ᠋ᠩ ᠨᠤᠸᠠᠨ ᠱᠢ ᠨᠢᠭᠦᠯᠡᠰᠦᠩᠭᠦᠶ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠠᠷᠤᠭ᠎ᠠ ᠢᠦᠶ ᠪᠢᠨ ᠵᠢᠴᠢ ᠮᠠᠨ ᠤ ᠬᠤᠰᠢᠭᠤᠨ ᠤ ᠤᠳᠤᠷᠢᠳᠤᠯᠭ᠎ᠠ ᠸᠠᠩ ᠶᠦᠩ ᠵᠢᠶᠦ᠋ᠨ᠂ ᠮᠠ ᠯᠢ ᠬᠤᠸᠠ᠂ ᠶᠧ ᠰᠢᠤ ᠯᠢ᠂ ᠭᠦᠸᠧ ᠬᠤᠸᠠ ᠲᠥᠷᠥᠯ ᠵᠦᠢᠯ ᠤᠨ ᠠᠵᠢᠯ ᠡᠬᠢᠯᠡᠭᠦᠯᠬᠦ ᠠᠵᠢᠯᠯᠠᠭ᠎ᠠ ᠳᠤ ᠣᠷᠣᠯᠴᠠᠵᠠᠶ᠃ ᠮᠠ ᠯᠢ ᠬᠤᠸᠠ ᠠᠵᠢᠯᠯᠠᠭ᠎ᠠ ᠶᠢ ᠡᠷᠬᠢᠯᠡᠪᠡ᠃    ᠠᠵᠢᠯᠯᠠᠭ᠎ᠠ ᠶᠢᠨ ᠳᠤᠮᠳᠠ᠂ ᠰᠢᠤᠢ ᠵᠢᠶᠠᠨ ᠤᠭᠲᠤᠬᠤ ᠦᠭᠡ ᠬᠡᠯᠡᠪᠡ︔ ᠪᠧᠨ ᠶᠤᠸᠠᠨ ᠱᠢ ᠳ᠋ᠠᠢ ᠶᠢᠨ  ᠭᠦᠢᠴᠡᠳᠬᠡᠭᠴᠢ ᠬᠡᠷᠡᠭ ᠮᠡᠳᠡᠭᠴᠢ ᠰᠦᠩ ᠶᠠᠩ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ ᠶᠤᠸᠠᠢ ᠬᠠᠨ᠂ ᠸᠠᠩ  ᠵᠢᠶᠦ᠋ᠨ ᠫᠢᠩ᠂ ᠢᠦᠢ ᠪᠢᠨ᠂ ᠸᠠᠩ ᠶᠦᠩ ᠵᠢᠶᠦ᠋ᠨ ᠲᠤᠰ ᠲᠤᠰ ᠪᠠᠶᠠᠷ ᠤᠨ ᠦᠭᠡ ᠬᠡᠯᠡᠪᠡ᠃
C:\Users\Administrator\Desktop\2.jpg
    ᠸᠠᠩ ᠶᠦᠩ ᠵᠢᠶᠦ᠋ᠨ ᠪᠠᠶᠠᠷ ᠤᠨ ᠦᠭᠡᠨ  ᠳᠡᠭᠡᠨ᠂ ᠣᠶᠢᠷ᠎ᠠ ᠶᠢᠨ ᠵᠢᠯ ᠳᠤ᠂ ᠠᠤᠬᠠᠨ ᠬᠤᠰᠢᠭᠤ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ ᠤᠳᠤᠷᠢᠳᠤᠮᠵᠢ ᠪᠣᠯᠭᠠᠵᠤ᠂ ᠤᠯᠠᠭᠠᠨᠬᠠᠳᠠ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠬᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠂  ᠡᠭᠦᠰᠬᠡᠯ ᠲᠣᠣᠷᠵᠢᠯ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠨ ᠠᠬᠢᠭᠤᠯᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠵᠡᠷᠭᠡ ᠪᠠᠷ ᠬᠥᠭᠵᠢᠭᠦᠯᠬᠦ ᠶᠢ ᠪᠠᠷᠢᠮᠲᠠᠯᠠᠨ᠂  ᠠᠷᠠᠯᠵᠢᠶᠠᠴᠢᠨ ᠤᠷᠢᠬᠤ ᠶᠢ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠡᠯᠬᠢᠶ᠎ᠡ ᠶᠢ ᠴᠢᠩᠭᠠᠳᠬᠠᠵᠤ᠂ ᠣᠯᠠᠨ ᠲᠠᠯ᠎ᠠ ᠪᠠᠷ ᠬᠦᠴᠦᠯᠡᠵᠦ᠂ ᠣᠯᠠᠨ ᠱᠤᠭᠤᠮ ᠢᠶᠠᠷ ᠵᠡᠷᠭᠡᠪᠡᠷ ᠤᠷᠤᠭᠰᠢᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠪᠠ᠃ ᠠᠤᠬᠠᠨ ᠬᠤᠰᠢᠭᠤ ᠥᠩᠭᠡᠷᠡᠭᠰᠡᠨ ᠲᠠᠢ ᠪᠠᠨ ᠠᠳᠠᠯᠢ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠴᠢᠬᠤᠯᠠᠴᠢᠯᠠᠨ ᠳᠡᠮᠵᠢᠵᠦ᠂ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠦᠢᠯᠡᠴᠢᠯᠡᠬᠦ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠲᠠᠢ ᠬᠠᠮᠲᠤ ᠪᠠᠷ ᠵᠣᠨ ᠤ ᠤᠯᠠᠷᠢᠯ ᠤᠨ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠳᠬᠤᠬᠤ ᠰᠢᠨ᠎ᠡ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠨ᠎ᠠ᠃ ᠡᠭᠦᠨ ᠤ ᠬᠠᠮᠲᠤ᠂  ᠪᠧᠨ ᠶᠤᠸᠠᠨ ᠱᠢ ᠳ᠋ᠠᠢ ᠨᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠪᠠᠷᠢᠯᠭ᠎ᠠ ᠪᠠᠷᠢᠬᠤ᠂ ᠥᠨᠳᠥᠷ ᠲᠦᠪᠰᠢᠨ ᠢᠶᠠᠷ ᠬᠠᠮᠢᠶᠠᠷᠬᠤ ᠶᠢ ᠪᠠᠷᠢᠮᠲᠠᠯᠠᠵᠤ᠂ ᠠᠮᠤᠷ ᠲᠦᠪᠰᠢᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠷ ᠤᠯᠠᠭᠠᠨ ᠱᠤᠭᠤᠮ ᠢ ᠰᠠᠶᠢᠲᠤᠷ ᠰᠠᠬᠢᠵᠤ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠦ ᠵᠢᠭᠠᠨ ᠭᠠᠷᠭᠠᠪᠠ᠃
C:\Users\Administrator\Desktop\3.jpg
    ᠣᠶᠢᠯᠠᠭᠠᠭᠰᠠᠨ ᠢᠶᠠᠷ᠂  ᠪᠧᠨ ᠶᠤᠸᠠᠨ ᠱᠢ ᠳ᠋ᠠᠢ ᠡᠭᠦᠰᠬᠡᠯ ᠲᠣᠣᠷᠵᠢᠯ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠪᠠᠷᠤᠭ 1380 ᠮᠥ ᠭᠠᠵᠠᠷ ᠡᠵᠡᠯᠡᠵᠦ᠂ ᠨᠡᠶᠢᠲᠡ 59 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠎ᠠ᠃ ᠡᠭᠦᠨ ᠳᠤ 20 ᠲᠦᠮᠡᠨ ᠲᠣᠨ ᠲᠡᠮᠦᠷᠯᠢᠭ ᠴᠠᠬᠢᠭᠤᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ 800 ᠮᠥ ᠭᠠᠵᠠᠷ ᠡᠵᠡᠯᠡᠵᠦ᠂ 29 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 12 ᠰᠠᠭᠤᠷᠢ 33000KVA ᠲᠡᠮᠦᠷᠯᠢᠭ ᠴᠠᠬᠢᠭᠤᠷ ᠢᠯᠴᠢ ᠶᠢᠨ ᠵᠤᠤᠬ᠎ᠠ ᠵᠢᠴᠢ ᠢᠵᠢ ᠪᠥᠷᠢᠳᠦᠭᠰᠡᠨ ᠠᠯᠪᠠᠨ ᠤ ᠲᠤᠰᠠᠯᠠᠬᠤ ᠲᠥᠬᠦᠭᠡᠷᠦᠮᠵᠢ ᠶᠢ ᠪᠥᠲᠥᠭᠡᠨ  ᠪᠠᠶᠢᠭᠤᠯᠤᠨ᠎ᠠ︔ 100 ᠲᠦᠮᠡᠨ ᠪᠣᠰᠤᠭ᠎ᠠ ᠳᠥᠷᠪᠡᠯᠵᠢᠨ UHPC ᠬᠡᠲᠦ ᠥᠨᠳᠥᠷ ᠴᠢᠳᠠᠪᠬᠢᠲᠤ ᠪᠧᠲ᠋ᠤᠨ ᠤ ᠦᠢᠯᠡᠳᠪᠦᠷᠢᠯᠡᠯ ᠤᠨ ᠰᠠᠭᠤᠷᠢᠨ ᠭᠠᠵᠠᠷ 580 ᠮᠥ ᠭᠠᠵᠠᠷ ᠡᠵᠡᠯᠡᠵᠦ᠂ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠯ ᠳᠤ 100 ᠲᠦᠮᠡᠨ ᠪᠣᠰᠤᠭ᠎ᠠ ᠳᠥᠷᠪᠡᠯᠵᠢᠨ UHPC ᠬᠡᠲᠦ ᠥᠨᠳᠥᠷ ᠴᠢᠳᠠᠪᠬᠢᠲᠤ ᠪᠧᠲ᠋ᠤᠨ ᠤ ᠤᠷᠢᠳᠴᠢᠯᠠᠨ ᠬᠤᠯᠢᠮᠠᠭ ᠮᠠᠲ᠋ᠧᠷᠢᠶᠠᠯ ᠵᠢᠴᠢ ᠤᠷᠢᠳᠴᠢᠯᠠᠨ ᠦᠢᠯᠡᠳᠦᠭᠰᠡᠨ ᠲᠣᠨᠤᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ︔ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠬᠡᠰᠡᠭ ᠲᠤ 25 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ 48 ᠲᠦᠮᠡᠨ ᠺᠢᠯᠣᠸᠠᠲ ᠴᠠᠭ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ 8.75 ᠲᠦᠮᠡᠨ ᠺᠢᠯᠣᠸᠠᠲ ᠴᠠᠭ ᠡᠨᠧᠷᠭᠢ ᠬᠠᠳᠠᠭᠠᠯᠠᠬᠤ᠂ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ 5 ᠲᠦᠮᠡᠨ ᠺᠢᠯᠣᠸᠠᠲ ᠴᠠᠭ ᠢ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ 1500 ᠰᠢᠨ᠎ᠡ ᠪᠠᠷ  ᠨᠡᠮᠡᠭᠳᠡᠭᠦᠯᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号