ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ | ᠠᠵᠢᠯᠯᠠᠭ᠎ᠠ ᠲᠠᠢ ᠤᠶᠠᠯᠳᠤᠭᠤᠯᠤᠨ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠪᠠ | ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠵᠠᠮ ᠲᠡᠭᠡᠭᠡᠪᠦᠷᠢ ᠶᠢᠨ | ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠠᠵᠢᠯ ᠤᠨ ᠲᠥᠰᠦᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ | ᠦᠨᠳᠦᠰᠦᠯᠡᠨ᠂ 6 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠠᠤᠬᠠᠨ ᠬᠤᠰᠢᠭᠤᠨ ᠤ ᠵᠠᠮ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠥᠬᠦ ᠬᠤᠰᠢᠭᠤᠨ ᠤ | ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠶᠤᠯᠭᠦᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ 26 ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ ᠪᠣᠯᠪᠠᠰᠤᠷᠠᠯ ᠳᠤ | ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠯ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ | ᠡᠷᠭᠢᠯᠡᠵᠦ ᠪᠠᠶᠢᠭ᠎ᠠ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠭᠤᠤᠯᠳᠠᠭᠤ ︽ᠠᠶᠤᠯᠭᠦᠶ | ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ | ᠦᠢᠯᠡᠳᠪᠦᠷᠢᠯᠡᠯ ᠤᠨ ᠲᠦᠷᠢᠮ︾ ︽ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︾ | ᠵᠢᠴᠢ ᠠᠶᠤᠯᠭᠦᠶ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠵᠡᠷᠭᠡ ᠶᠢᠨ | ᠲᠣᠭᠤᠷᠢᠨ ᠳᠤ ᠲᠠᠶᠢᠯᠤᠮᠵᠢ ᠬᠢᠯᠭᠡᠵᠦ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠶᠤᠯᠭᠦᠶ | ᠦᠢᠯᠡᠳᠪᠦᠷᠢᠯᠡᠯ ᠤᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ ᠪᠣᠯᠪᠠᠰᠤᠷᠠᠯ ᠳᠤ ᠣᠷᠣᠯᠴᠠᠭᠰᠠᠳ | ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠤᠯᠠᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠤᠷᠤᠯᠴᠠᠯᠭ᠎ᠠ ᠪᠠ | ᠬᠡᠷᠡᠭᠯᠡᠯᠲᠡ ᠶᠢ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠬᠦ ᠠᠵᠢᠯ ᠲᠦᠷᠦᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠦᠨ᠎ᠡ ᠭᠡᠵᠦ ᠢᠯᠡᠳᠭᠡᠵᠡᠭᠡᠪᠡ ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ ᠪᠦᠬᠦ | ᠪᠣᠯᠪᠠᠰᠤᠷᠠᠯ ᠤᠨ ᠰᠤᠷᠤᠯᠭᠠᠲᠠᠨ ᠳᠤ ᠪᠢᠴᠢᠭ ᠤᠨ ᠬᠢᠨᠠᠨ ᠰᠢᠯᠭᠠᠯᠲᠠ ᠬᠢᠵᠡᠢ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠠᠭ ᠥᠷᠨᠢᠭᠦᠯᠵᠦ ᠪᠠᠶᠢᠭ᠎ᠠ ︽ᠠᠶᠤᠯᠭᠦᠶ | ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠨᠠᠷᠢᠯᠢᠭ | ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠶ | ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ | ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | | |