| ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠠᠤᠬᠠᠨ ᠬᠤᠰᠢᠭᠤᠨ ᠤ 2024 ᠣᠨ ᠤ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠢ ᠳᠡᠭᠡᠭᠰᠢᠯᠡᠭᠦᠯᠬᠦ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠠᠤᠬᠠᠨ ᠵᠠᠰᠠᠭ ᠠᠯᠪᠠᠨ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ | ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠵᠥᠪᠯᠡᠯ ᠠᠯᠪᠠᠨ ᠬᠡᠷ | ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠦᠪ ᠣᠷᠤᠨ | ᠬᠤᠲᠠ ᠶᠢᠨ ᠰᠢᠭᠤᠳ ᠠᠤᠬᠠᠨ ᠳᠤ ᠰᠠᠭᠤᠭ᠎ᠠ ᠡᠯ᠎ᠡ ᠬᠤᠯᠪᠣᠭᠳᠠᠯ ᠪᠥᠬᠦᠶ ᠨᠢᠭᠡᠴᠡ ᠳᠤ᠄ | ︽ᠠᠤᠬᠠᠨ ᠬᠤᠰᠢᠭᠤᠨ ᠤ 2024 ᠣᠨ ᠤ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠢ | ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2024 ᠣᠨ ᠤ ᠲᠠᠪᠤᠳᠤᠭᠠᠷ ᠬᠤᠷᠠᠯᠳᠤᠭᠠᠨ ᠠᠴᠠ ᠪᠠᠲᠤᠯᠠᠵᠤ᠂ ᠡᠳᠦᠭᠡ | ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | ᠳᠠᠭᠠᠯᠳᠤᠭᠤᠯᠤᠯ᠄ 1.ᠠᠤᠬᠠᠨ ᠬᠤᠰᠢᠭᠤᠨ ᠤ 2024 ᠣᠨ ᠤ ᠣᠲᠣ ᠦᠶ᠎ᠡ ᠶᠢᠨ ᠲᠦᠬᠦᠭᠡᠷᠦᠮᠵᠢᠲᠦ | ᠲᠠᠷᠢᠶᠠᠯᠠᠩ ᠢ ᠳᠡᠭᠡᠭᠰᠢᠯᠡᠭᠦᠯᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ | 2. ᠠᠤᠬᠠᠨ ᠬᠤᠰᠢᠭᠤᠨ ᠤ 2024 ᠣᠨ ᠤ ᠲᠦᠬᠦᠭᠡᠷᠦᠮᠵᠢᠲᠦ ᠲᠠᠷᠢᠶᠠᠯᠠᠩ ᠢ ᠥᠷᠭᠡᠳᠬᠡᠨ ᠨᠡᠮᠡᠭᠳᠡᠭᠦᠯᠬᠦ | ᠡᠭᠦᠷᠭᠡ ᠶᠢᠨ ᠲᠣᠳᠣᠷᠬᠠᠶ ᠬᠠᠭᠤᠳᠠᠰᠤ | ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠰᠠᠷ᠎ᠠ ᠶᠢᠨ 27 ᠤ ᠡᠳᠦᠷ | ᠠᠤᠬᠠᠨ ᠬᠤᠰᠢᠭᠤ 2024 ᠣᠨ ᠤ ᠤᠳᠤ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠳᠡᠭᠡᠭᠰᠢᠯᠡᠭᠦᠯᠬᠦ | ᠠᠵᠢᠯᠯᠠᠭ᠎ᠠ ᠥᠷᠨᠢᠭᠦᠯᠪᠡ | ᠬᠡᠷᠡᠭᠵᠢᠭᠦᠯᠬᠦ ᠲᠥᠰᠦᠯ | ︽2024 ᠣᠨ ᠤ ᠤᠯᠠᠭᠠᠨᠬᠠᠳᠠ ᠬᠤᠲᠠ ᠶᠢᠨ ᠣᠳᠣᠬᠢᠴᠢᠯᠠᠭᠰᠠᠨ ᠲᠥᠬᠦᠭᠡᠷᠦᠮᠵᠢᠲᠦ ᠲᠠᠷᠢᠶᠠᠯᠠᠩ ᠢ | ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵ᠤᠯᠠᠭᠠᠨᠬᠠᠳᠠ ᠲᠠᠷᠢᠶᠠᠯᠠᠩ ᠮᠠᠯ ᠠᠵᠤ | ᠠᠬᠤᠶ ᠲᠠᠷᠢᠬᠤ ᠲᠠᠷᠬᠠᠭᠠᠭᠰᠠᠨ ︹2024︺ 13 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ | ᠬᠤᠰᠢᠭᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠦᠷᠭᠦᠯᠵᠢᠯᠡᠨ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ᠂ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ | ᠲᠥᠯᠥᠭᠡ᠂ ᠪᠥᠬᠦ ᠬᠤᠰᠢᠭᠤᠨ ᠤ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠲᠦᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ | ᠂ ︽ ᠢᠳᠡᠰᠢᠨ ᠨᠣᠭᠤᠭ᠎ᠠ ᠶᠢᠨ ᠰᠠᠭᠰᠤ︾ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠭᠤᠤᠯᠳᠠᠯᠭ᠎ᠠ ᠶᠢ ᠳᠣᠪᠤᠶᠢᠯᠭᠠᠵᠤ᠂ ︽ᠥᠭᠡᠷᠡᠴᠢᠯᠡᠬᠦ ᠪᠠ ᠰᠢᠨ᠎ᠡ ᠪᠠᠷ | ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠬᠤ︾ ᠵᠠᠷᠴᠢᠮ ᠢ ᠵᠢᠷᠤᠮᠯᠠᠨ᠂ ᠲᠥᠷᠥᠯ ᠬᠤᠪᠢᠶᠠᠨ ᠬᠡᠷᠡᠭᠵᠢᠭᠦᠯᠵᠦ᠂ | ᠲᠦᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ | ᠲᠦᠬᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ 2024 | ᠣᠨ ᠳᠤ᠂ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠦᠬᠦᠭᠡᠷᠦᠮᠵᠢᠲᠦ | ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠵᠢᠭᠦᠯᠦᠭᠰᠡᠨ ᠲᠠᠯᠠᠪᠠᠶ 3.27 | ᠲᠦᠮᠡᠨ ᠮᠥ ᠪᠠᠶᠢᠵᠤ᠂ ᠡᠭᠦᠨ ᠳᠤ 2.6 ᠲᠦᠮᠡᠨ ᠮᠥ ︵ᠪᠣᠯᠣᠳ ᠵᠢᠶᠠᠰᠠ ᠲᠠᠢ ᠰᠦᠯᠢᠶᠣᠣ ᠬᠦᠯᠡᠮᠵᠢ 0.1 | ᠲᠦᠮᠡᠨ ᠮᠥ᠂ ᠨᠡᠷᠡᠨ ᠤ ᠭᠡᠷᠡᠯ ᠤᠨ ᠬᠦᠯᠡᠮᠵᠢ 2.5 ᠲᠦᠮᠡᠨ ᠮᠥ︶ ᠶᠢ ᠰᠢᠨ᠎ᠡ ᠪᠠᠷ ᠪᠠᠶᠢᠭᠤᠯᠵᠤ᠂ 0.67 ᠲᠦᠮᠡᠨ | ᠮᠥ ᠶᠢ ᠥᠭᠡᠷᠡᠴᠢᠯᠡᠨ ᠰᠠᠶᠢᠵᠢᠷᠠᠭᠤᠯᠤᠨ᠎ᠠ᠃ 100 ᠮᠦ ᠠᠴᠠ ᠳᠡᠭᠡᠭᠰᠢ ᠪᠠᠷᠢᠮᠵᠢᠶᠠᠵᠢᠭᠰᠠᠨ ᠬᠦᠷᠢᠶᠡᠯᠡᠩ | ᠲᠣᠭᠤᠷᠢᠭ ᠢ 1 ᠪᠠᠶᠢᠭᠤᠯᠤᠨ᠎ᠠ᠃ | ᠬᠤᠶᠠᠷ᠂ ᠭᠤᠤᠯᠳᠠᠯᠭ᠎ᠠ ᠲᠠᠢ ᠠᠵᠢᠯ | ︵ᠨᠢᠭᠡ︶ ᠭᠤᠣᠯᠳᠠᠯᠭ᠎ᠠ ᠶᠢ ᠲᠣᠪᠤᠶᠢᠯᠭᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | 1. ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠳᠡᠰ ᠳᠡᠪᠰᠢᠬᠦ ᠶᠢ ᠪᠡᠶᠡᠯᠡᠭᠦᠯᠦᠨ᠎ᠡ᠃ | 2. ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠲᠦᠬᠦᠭᠡᠷᠦᠮᠵᠢ ᠶᠢᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ | ︵ᠬᠤᠶᠠᠷ︶ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ | ᠦᠢᠯᠡᠳᠪᠦᠷᠢᠯᠡᠯ ᠢ ᠥᠷᠭᠡᠳᠬᠡᠨ ᠨᠡᠮᠡᠭᠳᠡᠭᠦᠯᠦᠨ᠎ᠡ | 1. ᠥᠨᠳᠥᠷ ᠪᠠᠷᠢᠮᠵᠢᠶᠠᠲᠤ ᠪᠣᠯᠣᠳ ᠵᠢᠶᠠᠰᠠ ᠲᠠᠢ ᠰᠦᠯᠢᠶᠣᠣ ᠬᠦᠯᠡᠮᠵᠢ ᠶᠢ ᠰᠢᠨ᠎ᠡ ᠪᠠᠷ ᠪᠠᠶᠢᠭᠤᠯᠤᠨ᠎ᠠ᠃ | 2. ᠴᠢᠨᠠᠷ ᠰᠠᠶᠢᠲᠠᠶ ᠨᠡᠷᠡᠨ ᠤ ᠭᠡᠷᠡᠯ ᠤᠨ ᠬᠦᠯᠡᠮᠵᠢ ᠶᠢ ᠬᠥᠭᠵᠢᠭᠦᠯᠦᠨ᠎ᠡ᠃ | 3. ᠳᠡᠭᠡᠳᠦ ᠲᠠᠰ ᠤᠨ ᠯᠢᠶᠠᠨ ᠳ᠋ᠦᠩ ᠣᠶᠤᠨᠴᠢ ᠬᠦᠯᠡᠮᠵᠢ ᠪᠠᠶᠢᠭᠤᠯᠤᠨ᠎ᠠ᠃ | ︵ᠭᠤᠷᠪᠠ︶ ᠲᠥᠷᠥᠯ ᠬᠤᠪᠢᠶᠠᠨ ᠪᠠᠶᠢᠷᠢᠰᠢᠭᠤᠯᠵᠤ᠂ ᠲᠦᠬᠦᠭᠡᠷᠦᠮᠵᠢ ᠶᠢᠨ ᠬᠥᠭᠵᠢᠯᠲᠡ ᠶᠢ ᠳᠠᠶᠢᠴᠢᠯᠠᠨ᠎ᠠ | ᠲᠦᠬᠦᠭᠡᠷᠦᠮᠵᠢᠲᠦ ᠢᠳᠡᠰᠢᠨ ᠨᠣᠭᠤᠭ᠎ᠠ ᠪᠠᠷ ᠭᠤᠤᠯᠳᠠᠯᠭ᠎ᠠ ᠪᠣᠯᠭᠠᠬᠤ ᠶᠢ ᠳᠣᠪᠤᠶᠢᠯᠭᠠᠨ᠂ ᠢᠳᠡᠰᠢᠨ | ᠨᠣᠭᠤᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ᠂ ᠭᠤᠸ᠎ᠠ ᠵᠢᠮᠢᠰ᠂ | ᠢᠳᠡᠰᠢᠨ ᠮᠥᠭᠦ᠂ ᠬᠤᠸᠠᠷ ᠴᠡᠴᠡᠭ᠂ ᠬᠢᠲᠠᠳ ᠡᠪᠡᠰᠦᠨ ᠡᠮ᠂ ᠴᠢᠨᠠᠷ ᠰᠠᠶᠢᠲᠠᠢ ᠴᠢᠬᠢ ᠮᠣᠳᠣᠨ ᠤ ︽ᠨᠢᠭᠡ | ᠭᠤᠣᠯᠳᠠᠯᠭ᠎ᠠ ᠲᠠᠪᠤᠨ ᠳᠡᠳ᠋︾ ᠦᠢᠯᠡᠳᠪᠦᠷᠢᠯᠡᠯ ᠤᠨ ᠤᠳᠤᠷᠢᠳᠤᠮᠵᠢ ᠶᠢ ᠬᠥᠭᠵᠢᠭᠦᠯᠵᠦ᠂ ᠪᠣᠬᠢᠷᠲᠤᠯ ᠥᠬᠡᠶ ᠴᠢᠨᠠᠷ | ᠰᠠᠶᠢᠲᠠᠶ ᠥᠨᠳᠥᠷ ᠦᠷ᠎ᠡ ᠪᠦᠲᠦᠮᠵᠢᠲᠡᠶ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠥᠨᠳᠥᠷ | ᠤᠨᠠᠯᠲᠠ ᠲᠠᠢ ᠥᠨᠳᠥᠷ ᠦᠷ᠎ᠡ ᠪᠦᠲᠦᠮᠵᠢᠲᠡᠶ ᠮᠡᠷᠭᠡᠵᠢᠯ ᠢ ᠲᠥᠪᠯᠡᠷᠡᠭᠦᠯᠦᠨ ᠵᠢᠱᠢᠶ᠎ᠡ ᠦᠵᠡᠭᠦᠯᠵᠦ᠂ ᠠᠵᠤ | ᠦᠢᠯᠡᠰ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ ᠲᠦᠬᠦᠭᠡᠷᠦᠮᠵᠢᠲᠦ | ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠢᠳᠡᠪᠬᠢᠵᠢᠯ ᠢ ᠳᠠᠶᠢᠴᠢᠯᠠᠵᠤ᠂ ᠲᠦᠬᠦᠭᠡᠷᠦᠮᠵᠢᠲᠦ ᠲᠠᠷᠢᠶᠠᠯᠠᠩ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠲᠦᠬᠦᠭᠡᠷᠦᠮᠵᠢᠲᠦ ᠢᠳᠡᠰᠢᠨ ᠨᠣᠭᠤᠭ᠎ᠠ᠄ ᠣᠲᠣ ᠶᠢᠨ ᠪᠠᠶᠢᠭ᠎ᠠ ᠳᠠᠪᠠᠭᠤᠯᠢᠭ ᠭᠤᠤᠯ ᠭᠠᠷᠤᠯᠲᠠ ᠶᠢᠨ ᠣᠷᠣᠨ ᠤ | ᠦᠢᠯᠡᠳᠪᠦᠷᠢᠯᠡᠬᠦ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ | ᠨᠡᠷᠡᠨ ᠤ ᠲᠤᠰᠤᠯᠲᠠ ᠶᠢᠨ ᠴᠠᠭ ᠣᠷᠳᠣ ᠵᠡᠷᠭᠡ ᠠᠭᠤᠷ ᠠᠮᠢᠰᠬᠤᠯ ᠤᠨ ᠳᠠᠪᠠᠭᠤᠯᠢᠭ ᠢ ᠠᠰᠢᠭᠯᠠᠨ᠂ ᠲᠥᠪᠡᠳ | ᠬᠠᠰᠢ᠂ ᠯᠠᠵᠤᠤ᠂ ᠥᠷᠭᠡᠰᠦᠲᠦ ᠬᠡᠮᠬᠡ᠂ ᠬᠠᠰᠢ ᠵᠡᠷᠭᠡ ᠬᠠᠰᠢ ᠶᠢᠨ ᠵᠢᠮᠢᠰ ᠤᠨ ᠲᠥᠷᠥᠯ ᠤᠨ ᠢᠳᠡᠰᠢᠨ | ᠨᠣᠭᠤᠭ᠎ᠠ ᠶᠢ ᠭᠤᠤᠯᠳᠠᠯᠭ᠎ᠠ ᠲᠠᠢ ᠬᠥᠭᠵᠢᠭᠦᠯᠵᠦ᠂ ᠢᠳᠡᠰᠢᠨ ᠨᠣᠭᠤᠭ᠎ᠠ ᠶᠢᠨ ᠪᠠᠷᠢᠮᠵᠢᠶᠠᠲᠤ ᠦᠢᠯᠡᠳᠪᠦᠷᠢᠯᠡᠯ ᠢ | ᠠᠬᠢᠭᠤᠯᠤᠨ᠂ ᠣᠶᠤᠨᠴᠢ ᠲᠣᠬᠢᠷᠠᠭᠤᠯᠤᠯ ᠡᠵᠡᠮᠳᠡᠯ᠂ ᠨᠠᠷᠢᠯᠢᠭ ᠣᠨᠤᠪᠴᠢᠲᠠᠢ ᠤᠰᠤᠯᠠᠯᠲᠠ᠂ ᠵᠥᠭᠡᠶ ᠶᠢᠨ | ᠲᠣᠭᠤᠰᠣ ᠬᠦᠷᠭᠡᠬᠦ ᠵᠡᠷᠭᠡ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠤᠨᠠᠯᠲᠠ ᠶᠢᠨ ᠮᠡᠷᠭᠡᠵᠢᠯ ᠢ ᠶᠡᠭᠡ ᠪᠠᠷ | ᠳᠡᠯᠭᠡᠷᠡᠭᠦᠯᠵᠦ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ | ᠂ ᠭᠠᠷᠤᠯᠲᠠ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ | ᠢᠳᠡᠰᠢᠨ ᠮᠥᠭᠦ᠄ ᠣᠲᠣ ᠶᠢᠨ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠭᠤᠯᠭᠤᠭᠤᠷ | ᠮᠥᠭᠦ᠂ ᠦᠨᠦᠷᠲᠦ ᠮᠥᠭᠦ ᠶᠢ ᠭᠤᠤᠯᠳᠠᠯᠭ᠎ᠠ ᠲᠠᠢ ᠬᠥᠭᠵᠢᠭᠦᠯᠵᠦ᠂ ᠮᠥᠭᠦ ᠶᠢ ᠳᠠᠭᠠᠭᠠᠨ ᠦᠢᠯᠡᠳᠪᠦᠷᠢᠯᠡᠬᠦ᠂ ᠳᠠᠷᠢᠬᠤ | ᠰᠠᠭᠤᠷᠢᠨ ᠭᠠᠵᠠᠷ᠂ ᠨᠠᠷᠠᠲᠤ ᠲᠡᠮᠳᠡᠭᠲᠦ ᠶᠢ ᠪᠣᠶ ᠪᠣᠯᠭᠠᠬᠤ ᠵᠡᠷᠭᠡ ᠠᠵᠢᠯ ᠢ ᠠᠬᠢᠭᠤᠯᠤᠨ᠂ ᠪᠠᠷᠢᠮᠵᠢᠶᠠᠵᠢᠭᠤᠯᠤᠭᠰᠠᠨ | ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠳᠬᠦᠨ ᠢ ᠭᠦᠨᠵᠡᠭᠡᠶ ᠡᠳ᠋ᠰᠢᠭᠦᠯᠬᠦ ᠶᠢ ᠳᠣᠪᠤᠶᠢᠯᠭᠠᠨ᠂ ᠭᠠᠷᠤᠯᠲᠠ ᠶᠢᠨ | ᠭᠠᠵᠠᠷ ᠤᠨ ᠠᠩᠬ᠎ᠠ ᠡᠳ᠋ᠰᠢᠭᠦᠯᠬᠦ ᠶᠢ ᠬᠥᠭᠵᠢᠭᠦᠯᠵᠦ᠂ ᠬᠠᠩᠭᠠᠯᠭ᠎ᠠ ᠶᠢᠨ ᠭᠠᠵᠠᠷ ᠤᠨ ᠲᠣᠭᠲᠠᠭᠤᠨ ᠢᠶᠠᠷ | ᠲᠡᠩᠴᠡᠭᠦᠷᠢᠲᠡᠶ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠢᠳᠡᠰᠢᠨ ᠮᠥᠭᠦ ᠶᠢᠨ ᠠᠵᠤ ᠦᠢᠯᠡᠰ ᠤᠨ ᠡᠷᠡᠭᠦᠯ | ᠪᠥᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ | ᠭᠤᠸ᠎ᠠ ᠵᠢᠮᠢᠰ ᠤᠨ ᠲᠥᠷᠥᠯ᠄ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠥᠷᠲᠡᠭ ᠢᠶᠠᠷ ᠨᠡᠯᠢᠶᠡᠳ ᠥᠨᠳᠥᠷ ᠦᠵᠦᠮ᠂ ᠠᠮᠲᠠᠲᠤ ᠬᠡᠮᠬᠡ᠂ ᠲᠣᠮᠣ ᠢᠩᠲᠣᠣᠷ ᠵᠡᠷᠭᠡ ᠴᠢᠨᠠᠷ ᠰᠠᠶᠢᠲᠠᠶ ᠵᠢᠮᠢᠰ ᠢ | ᠭᠤᠤᠯᠳᠠᠯᠭ᠎ᠠ ᠲᠠᠢ ᠬᠥᠭᠵᠢᠭᠦᠯᠵᠦ᠂ ᠨᠠᠷᠠᠲᠤ ᠰᠢᠯᠢᠳᠡᠭ ᠣᠨᠴᠠ ᠰᠢᠨ᠎ᠡ ᠲᠥᠷᠥᠯ ᠵᠦᠢᠯ ᠪᠠ ᠮᠠᠰᠢᠨᠴᠢᠯᠠᠯᠲᠠ᠂ | ᠤᠶᠤᠨᠴᠢᠯᠠᠭᠰᠠᠨ ᠲᠠᠷᠢᠵᠤ ᠤᠷᠭᠤᠭᠤᠯᠬᠤ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠦᠨ᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ᠭᠤᠤᠯᠳᠠᠭᠤ ᠬᠠᠪᠤᠷ ᠤᠨ | ᠤᠯᠠᠷᠢᠯ ᠳᠤ ᠡᠷᠲᠡ ᠪᠠ ᠨᠠᠮᠤᠷ ᠤᠨ ᠰᠡᠭᠦᠯᠴᠢ ᠶᠢᠨ ᠨᠢᠭᠡ ᠵᠢᠯ ᠳᠤ ᠬᠤᠶᠠᠷ ᠤᠳᠠᠭ᠎ᠠ ᠦᠢᠯᠡᠳᠪᠦᠷᠢᠯᠡᠬᠦ ᠵᠠᠭᠪᠤᠷ ᠢ | ᠳᠡᠯᠭᠡᠷᠡᠭᠦᠯᠵᠦ᠂ ᠣᠷᠭᠢᠯ ᠦᠶ᠎ᠡ ᠶᠢ ᠨᠢ ᠵᠥᠷᠢᠭᠦᠯᠦᠨ ᠵᠠᠬ᠎ᠠ ᠳᠡᠯᠭᠡᠭᠦᠷ ᠲᠤ ᠭᠠᠷᠭᠠᠵᠤ᠂ ᠴᠢᠨᠠᠷ ᠰᠠᠶᠢᠲᠠᠶ ᠦᠨ᠎ᠡ ᠨᠢ | ᠰᠠᠶᠢᠨ ᠪᠠᠶᠢᠬᠤ ᠶᠢ ᠪᠡᠶᠡᠯᠡᠭᠦᠯᠦᠨ᠎ᠡ᠃ | ᠬᠢᠲᠠᠳ ︵ᠮᠣᠩᠭᠤᠯ︶ ᠡᠮ ᠤᠨ ᠮᠠᠲ᠋ᠧᠷᠢᠶᠠᠯ᠄ ᠪᠠᠶᠢᠭᠠᠯᠢ ᠶᠢᠨ ᠣᠷᠴᠢᠨ ᠲᠣᠭᠤᠷᠢᠨ ᠤ ᠳᠠᠪᠠᠭᠤᠯᠢᠭ ᠢ | ᠠᠰᠢᠭᠯᠠᠨ᠂ ᠲᠣᠬᠢᠷᠠᠬᠤ ᠤᠷᠴᠢᠨ ᠤ ᠮᠡᠷᠭᠡᠵᠢᠯ᠂ ᠬᠠᠲᠠᠭᠠᠬᠤ ᠵᠡᠷᠭᠡ ᠮᠣᠩᠭᠤᠯ ᠡᠮ ᠤᠨ ᠮᠠᠲ᠋ᠧᠷᠢᠶᠠᠯ ᠤᠨ | ᠲᠦᠬᠦᠭᠡᠷᠦᠮᠵᠢ ᠶᠢᠨ ᠴᠢᠬᠢ ᠪᠤᠶᠢᠵᠢᠭᠤᠯᠬᠤ ᠶᠢ ᠭᠤᠤᠯᠳᠠᠯᠭ᠎ᠠ ᠲᠠᠢ ᠬᠥᠭᠵᠢᠭᠦᠯᠵᠦ᠂ ᠨᠢᠭᠡ ᠪᠦᠯᠦᠭ ᠵᠢᠩᠬᠢᠨᠢ | ᠴᠢᠨᠠᠷ ᠢᠶᠠᠷ ᠴᠢᠩᠭ᠎ᠠ᠂ ᠡᠮ ᠤᠨ ᠦᠢᠯᠡᠳᠦᠯ ᠢᠶᠠᠷ ᠲᠣᠭᠲᠠᠭᠤᠨ ᠰᠢᠨ᠎ᠡ ᠲᠥᠷᠥᠯ ᠵᠦᠢᠯ ᠢ ᠰᠣᠩᠭᠤᠨ ᠪᠤᠶᠢᠵᠢᠭᠤᠯᠵᠤ | ᠂ ᠨᠢᠭᠡ ᠪᠦᠯᠦᠭ ᠮᠣᠩᠭᠤᠯ ᠡᠮ ᠤᠨ ᠮᠠᠲ᠋ᠧᠷᠢᠶᠠᠯ ᠤᠨ ᠦᠷ᠎ᠡ ᠪᠠ ᠴᠢᠬᠢ ᠶᠢ ᠲᠤᠰᠬᠠᠶᠢᠵᠢᠭᠰᠠᠨ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠢᠲᠠᠳ ᠮᠣᠩᠭᠤᠯ ᠡᠮ ᠳᠤ ᠡᠮ ᠤᠨ ᠦᠢᠯᠡᠳᠦᠯ ᠢᠶᠠᠷ | ᠲᠣᠭᠲᠠᠭᠤᠨ᠂ ᠶᠠᠰᠤ ᠴᠢᠨᠠᠷ ᠢᠶᠠᠷ ᠥᠨᠳᠥᠷ ᠲᠦᠭᠦᠬᠡᠶ ᠮᠠᠲ᠋ᠧᠷᠢᠶᠠᠯ ᠬᠠᠩᠭᠠᠨ᠎ᠠ᠃ | ᠴᠡᠴᠡᠭ᠄ ᠨᠠᠷᠠᠨ ᠤ ᠲᠤᠰᠤᠯᠲᠠ ᠶᠢᠨ ᠴᠠᠭ ᠨᠢ ᠤᠷᠲᠤ᠂ ᠡᠪᠡᠳᠴᠢᠨ ᠬᠤᠷᠣᠬᠠᠢ ᠶᠢᠨ ᠬᠥᠨᠥᠭᠡᠯ ᠪᠠᠭ᠎ᠠ᠂ | ᠲᠠᠷᠢᠮᠠᠯ ᠤᠨ ᠦᠨᠳᠦᠰᠦᠨ ᠤ ᠰᠢᠰᠲ᠋ᠧᠮ ᠤᠨ ᠤᠷᠭᠤᠯᠲᠠ᠂ ᠴᠡᠴᠡᠭ ᠤᠨ ᠬᠤᠭᠤᠴᠠᠭ᠎ᠠ ᠨᠢ ᠤᠷᠲᠤ ᠪᠠᠶᠢᠭᠠᠯᠢ ᠶᠢᠨ | ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ᠂ ᠯᠢᠶᠠᠨ ᠳ᠋ᠦᠩ ᠣᠶᠤᠨᠴᠢ ᠬᠥᠯᠡᠮᠵᠢ ᠶᠢᠨ ᠰᠣᠷᠭᠤᠭ | ᠴᠡᠴᠡᠭ ᠪᠣᠯᠤᠨ ᠴᠡᠴᠡᠷᠯᠢᠭ ᠤᠨ ᠦᠵᠡᠮᠦᠷᠢ ᠶᠢᠨ ᠴᠡᠴᠡᠭ ᠬᠤᠸᠠᠷ ᠲᠠᠷᠢᠬᠤ ᠶᠢ ᠭᠤᠣᠯᠳᠠᠯᠭ᠎ᠠ ᠲᠠᠢ ᠬᠥᠭᠵᠢᠭᠦᠯᠵᠦ᠂ | ᠲᠥᠷᠥᠯ ᠵᠦᠢᠯ ᠨᠢ ᠣᠯᠠᠨ᠂ ᠶᠠᠰᠤ ᠴᠢᠨᠠᠷ ᠨᠢ ᠥᠨᠳᠥᠷ ᠦᠢᠯᠡᠳᠬᠦᠨ ᠢ ᠪᠣᠶᠢᠵᠢᠭᠤᠯᠵᠤ᠂ ᠰᠦᠯᠵᠢᠶᠡᠨ ᠳᠡᠭᠡᠷ᠎ᠡ | ᠪᠠ ᠰᠦᠯᠵᠢᠶᠡᠨ ᠠᠴᠠ ᠭᠠᠳᠠᠨᠠᠬᠢ ᠪᠣᠷᠣᠯᠠᠭᠤᠯᠬᠤ ᠪᠠᠷ ᠳᠠᠮᠵᠢᠭᠤᠯᠤᠨ᠂ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠭᠡᠵᠦ᠂ ᠭᠠᠳᠠᠭᠠᠳᠤ ᠳᠤ ᠭᠠᠷᠭᠠᠬᠤ ᠬᠡᠮᠵᠢᠶ᠎ᠡ ᠶᠢ ᠨᠡᠮᠡᠭᠳᠡᠭᠦᠯᠦᠨ᠎ᠡ᠃ | ᠴᠢᠨᠠᠷ ᠰᠠᠶᠢᠲᠠᠢ ᠴᠢᠬᠢ ᠮᠣᠳᠣ᠄ ᠲᠣᠮᠣ ᠬᠡᠯᠪᠡᠷᠢ ᠶᠢᠨ ᠴᠢᠬᠢ ᠪᠤᠶᠢᠵᠢᠭᠤᠯᠬᠤ ᠠᠵᠤ ᠠᠬᠤᠶᠢᠯᠠᠯ ᠳᠤ ᠲᠦᠰᠢᠭᠯᠡᠨ | ᠂ ᠡᠷᠴᠢᠮᠵᠢᠭᠦᠯᠦᠨ ᠴᠢᠬᠢ ᠪᠤᠶᠢᠵᠢᠭᠤᠯᠬᠤ ᠶᠢ ᠬᠥᠭᠵᠢᠭᠦᠯᠵᠦ᠂ ᠴᠢᠬᠢ ᠮᠣᠳᠣ ᠵᠠᠯᠭᠠᠬᠤ ᠶᠢ ᠬᠥᠩᠭᠡᠪᠴᠢᠯᠡᠬᠦ᠂ | ᠮᠠᠰᠢᠨᠴᠢᠯᠠᠨ ᠰᠢᠯᠵᠢᠭᠦᠯᠦᠨ ᠵᠠᠶᠢᠯᠠᠬᠤ᠂ ᠤᠶᠤᠨᠴᠢᠯᠠᠨ ᠲᠣᠬᠢᠷᠠᠭᠤᠯᠤᠨ ᠡᠵᠡᠮᠳᠡᠬᠦ ᠵᠡᠷᠭᠡ ᠴᠢᠬᠢ ᠪᠤᠶᠢᠵᠢᠭᠤᠯᠬᠤ | ᠵᠠᠩᠭᠢᠯᠠᠭ᠎ᠠ ᠶᠢᠨ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠡᠷᠡᠭᠦᠯ ᠡᠩᠬᠡ ᠢᠳᠡᠰᠢᠨ ᠨᠣᠭᠤᠭ᠎ᠠ ᠶᠢᠨ | ᠦᠷ᠎ᠡ ᠴᠢᠬᠢ ᠶᠢᠨ ᠦᠢᠯᠡᠳᠪᠦᠷᠢᠯᠡᠯ ᠢ ᠲᠦᠯᠬᠢᠨ ᠠᠬᠢᠭᠤᠯᠤᠨ᠎ᠠ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ | ᠲᠥᠬᠦᠭᠡᠷᠦᠮᠵᠢᠲᠦ ᠡᠮ ᠤᠨ ᠮᠠᠲ᠋ᠧᠷᠢᠶᠠᠯ ᠤᠨ ᠰᠠᠶᠢᠨ ᠦᠷ᠎ᠡ ᠪᠠ ᠴᠢᠬᠢ ᠮᠣᠳᠣ᠂ ᠦᠵᠡᠮᠦᠷᠢ ᠶᠢᠨ ᠴᠢᠬᠢ ᠮᠣᠳᠣ | ᠵᠡᠷᠭᠡ ᠶᠢ ᠬᠥᠭᠵᠢᠭᠦᠯᠬᠦ ᠬᠡᠷᠡᠭᠲᠡᠶ᠃ ᠴᠢᠬᠢ ᠮᠣᠳᠣ ᠶᠢ ᠪᠣᠶᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ᠴᠢᠬᠢ ᠮᠣᠳᠣ ᠪᠤᠶᠢᠵᠢᠭᠤᠯᠬᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠭᠤᠷᠪᠠ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠢᠴᠢ ᠰᠢᠯᠭᠠᠨ ᠠᠪᠬᠤ ᠠᠷᠭ᠎ᠠ | ︵ᠨᠢᠭᠡ︶ ᠲᠥᠷᠥ ᠶᠢᠨ ᠪᠤᠳᠣᠯᠭ᠎ᠠ ᠶᠢᠨ ᠠᠭᠤᠯᠭ᠎ᠠ ᠵᠢᠴᠢ ᠪᠠᠷᠢᠮᠵᠢᠶ᠎ᠠ᠃ | ︵ᠬᠤᠶᠠᠷ︶ ᠰᠢᠯᠭᠠᠨ ᠠᠪᠬᠤ ᠠᠷᠭ᠎ᠠ ᠵᠢᠴᠢ ᠪᠡᠯᠡ ᠮᠦᠩᠭᠦ ᠰᠢᠯᠵᠢᠭᠦᠯᠦᠨ ᠥᠭᠬᠦ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ | ︵ᠬᠤᠶᠠᠷ︶ ᠪᠡᠯᠡ ᠮᠥᠩᠭᠦᠨ ᠤ ᠣᠷᠣᠭᠤᠯᠤᠯᠲᠠ ᠶᠢ ᠴᠢᠩᠭᠠᠳᠬᠠᠨ᠎ᠠ ᠃ | ︵ᠭᠤᠷᠪᠠ︶ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ ᠃ | ︵ᠲᠦᠷᠪᠡ︶ ᠦᠢᠯᠡᠴᠢᠯᠡᠭᠡᠨ ᠤ ᠵᠢᠯᠤᠬᠤᠳᠤᠯᠭᠠ ᠶᠢ ᠴᠢᠩᠭᠠᠳᠬᠠᠨ᠎ᠠ ᠃ | ᠠᠤᠬᠠᠨ ᠬᠤᠰᠢᠭᠤᠨ ᠤ 2024 ᠣᠨ ᠤ ᠤᠳᠤ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠳᠡᠭᠡᠭᠰᠢᠯᠡᠭᠦᠯᠬᠦ | ᠠᠵᠢᠯᠯᠠᠭ᠎ᠠ ᠶᠢᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ | ᠳᠤᠭᠤᠶᠢᠯᠠᠩ ᠤᠨ ᠳᠠᠷᠤᠭ᠎ᠠ᠄ ᠵᠢᠶ ᠰᠢᠤᠢ ᠳ᠋ᠦᠩ ︵ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ︶ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠶᠢᠨ ᠽᠧ ︵ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠬᠡᠷ ᠤᠨ ᠳᠡᠳ᠋ ᠡᠷᠬᠢᠯᠡᠭᠴᠢ︶ | ᠵᠠᠩ ᠬᠤᠩ ᠹᠧᠩ ︵ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ︶ | ᠴᠢ ᠶᠢᠩ ᠹᠧᠢ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ︶ | ᠪᠦᠷᠢᠯᠳᠦᠬᠦᠨ᠄ ᠨᠢᠩ ᠴᠦᠨ ︵ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ︶ | ᠯᠢᠦ ᠪᠠᠢ ᠬᠤᠸᠠ ︵ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠳᠠᠷᠤᠭ᠎ᠠ︶ | ᠵᠠᠩ ᠰᠢ ᠾᠦᠢ ︵ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠠᠷᠤᠭ᠎ᠠ︶ | ᠱᠤᠤ ᠶᠠᠨ ᠵᠢᠶᠧ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ︶ | ᠵᠢᠩ ᡁᠢ ᠮᠢᠨ ︵ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ︶ | ᠴᠢ ᠴᠢ ︵ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠠᠤᠬᠠᠨ ᠤ ᠪᠠᠶᠢᠴᠠᠭᠠᠬᠤ ᠠᠩᠭᠢ ᠶᠢᠨ ᠳᠡᠳ᠋ | ᠳᠠᠷᠤᠭ᠎ᠠ︶ | ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠡᠯ᠎ᠡ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠪᠠᠶᠢᠷᠢᠯᠠᠭᠤᠯᠤᠨ᠎ᠠ᠃ ᠠᠯᠪᠠᠨ ᠭᠡᠷ ᠤᠨ ᠡᠷᠬᠢᠯᠡᠭᠴᠢ᠄ ᠵᠠᠩ | ᠬᠤᠩ ᠹᠧᠩ ︵ᠬᠠᠪᠰᠤᠷᠭᠠᠪᠠ︶᠂ ᠳᠡᠳ᠋ ᠡᠷᠬᠢᠯᠡᠭᠴᠢ᠄ ᠵᠢᠩ ᡁᠢ ᠮᠢᠨ ︵ᠬᠠᠪᠰᠤᠷᠭᠠᠪᠠ︶᠂ ᠱᠤᠤ ᠶᠠᠨ ᠵᠢᠶᠧ ︵ | ᠬᠠᠪᠰᠤᠷᠭᠠᠪᠠ︶᠃ 2024 ᠣᠨ ᠤ ᠪᠥᠬᠦ ᠬᠤᠰᠢᠭᠤᠨ ᠤ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠢ | ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠥᠪᠡᠰᠦᠪᠡᠨ | ᠬᠦᠴᠦᠨ ᠥᠬᠡᠶ ᠪᠣᠯᠭᠠᠨ᠎ᠠ᠃ | ᠳᠠᠭᠠᠯᠳᠤᠭᠤᠯᠤᠯ 2 ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ | ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕ |