ᠦᠢᠯᠡᠴᠢᠯᠡᠭᠡᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/6/21
     ᠣᠶᠢᠷ᠎ᠠ ᠶᠢᠨ ᠵᠢᠯ ᠳᠤ᠂  ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ  ᠦᠢᠯᠡᠴᠢᠯᠡᠭᠡᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠪᠠᠷ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃    ᠨᠢᠭᠡ ᠳᠤ᠂ ᠲᠤᠰ ᠪᠡᠶ᠎ᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠪᠠᠷᠢᠮᠵᠢᠶ᠎ᠠ ᠪᠠᠷ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠮᠵᠢᠶ᠎ᠠ ᠪᠠᠷ ᠦᠢᠯᠡᠴᠢᠯᠡᠭᠡ ᠪᠠᠨ ᠰᠢᠯᠢᠳᠡᠭᠵᠢᠭᠦᠯᠦᠨ᠎ᠡ᠃ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠴᠢᠭᠯᠡᠭᠦᠯᠦᠨ᠂ ᠦᠷᠭᠦᠯᠵᠢᠯᠡᠨ ᠬᠡᠷᠡᠭᠯᠡᠬᠦ ᠳᠤ ᠳᠣᠭᠢᠷᠠᠬᠤ ᠥᠬᠡᠶ ᠵᠦᠢᠯ ᠵᠤᠷᠪᠤᠰ ᠢ ᠬᠦᠴᠦᠨ ᠥᠬᠡᠶ ᠪᠣᠯᠭᠠᠵᠤ᠂ ᠰᠢᠨᠡᠳᠬᠡᠨ ᠲᠡᠭᠦᠯᠳᠡᠷᠵᠢᠭᠦᠯᠬᠦ ᠴᠢᠬᠤᠯᠠᠲᠠᠶ ᠠᠭᠤᠯᠭ᠎ᠠ ᠶᠢ ᠨᠥᠬᠦᠪᠥᠷᠢᠯᠡᠨ᠂ ᠠᠭᠤᠯᠭ᠎ᠠ ᠪᠦᠷᠢᠨ᠂ ᠲᠠᠰ ᠳᠠᠪᠬᠤᠷᠭ᠎ᠠ ᠲᠣᠳᠣᠷᠬᠠᠶ᠂ ᠪᠦᠲᠦᠴᠡ ᠵᠦᠶ ᠵᠣᠬᠢᠰᠲᠠᠶ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠲᠤᠬᠠᠶᠢᠯᠠᠭᠰᠠᠨ ᠠᠵᠢᠯ ᠥᠷᠨᠢᠭᠦᠯᠬᠦ ᠳᠤ ᠪᠠᠲᠤ ᠴᠢᠩᠭ᠎ᠠ ᠲᠦᠷᠢᠮ ᠤᠨ ᠲᠤᠯᠭᠠᠭᠤᠷᠢᠯᠠᠯ ᠬᠠᠩᠭᠠᠨ᠎ᠠ︔ ᠬᠤᠶᠠᠷ ᠲᠤ᠂ ᠠᠷᠠᠯᠵᠢᠶᠠᠨ ᠤ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠯᠲᠠ ᠦᠨᠡᠯᠡᠬᠦ ᠬᠤᠯᠪᠣᠭᠳᠠᠯ ᠪᠥᠬᠦᠶ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠵᠢᠴᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠴᠤᠪᠤᠷᠠᠯ ᠤᠨ ᠭᠤᠭᠴᠤᠭ᠎ᠠ ᠶᠢ ᠰᠢᠯᠤᠭᠤᠳᠬᠠᠵᠤ᠂ ᠠᠮᠤᠷ ᠲᠦᠪᠰᠢᠨ ᠤ  ᠲᠦᠬᠦᠭᠡᠷᠦᠮᠵᠢ᠂ ᠬᠢᠨᠠᠨ ᠡᠵᠡᠮᠳᠡᠬᠦ ᠲᠦᠬᠦᠭᠡᠷᠦᠮᠵᠢ᠂ ᠰᠦᠯᠵᠢᠶᠡᠨ ᠤ ᠲᠦᠬᠦᠭᠡᠷᠦᠮᠵᠢ᠂ ᠲᠡᠮᠳᠡᠭ ᠫᠠᠶᠢᠰᠠ ᠵᠡᠷᠭᠡ ᠡᠯ᠎ᠡ ᠲᠥᠷᠥᠯ ᠤᠨ ᠲᠠᠯᠠᠪᠤᠷ ᠭᠠᠵᠠᠷ ᠤᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠲᠥᠷᠥᠯ ᠵᠦᠢᠯ ᠤᠨ ᠠᠷᠠᠯᠵᠢᠶᠠᠨ ᠤ ᠭᠤᠭᠴᠤᠭ᠎ᠠ ᠪᠠ ᠲᠤᠬᠠᠶᠢᠯᠠᠭᠰᠠᠨ ᠠᠵᠢᠯ ᠤᠨ ᠴᠤᠪᠤᠷᠠᠯ ᠤᠨ ᠲᠣᠭᠤᠷᠢᠨ ᠳᠤ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ᠂ ᠬᠤᠨᠤᠭ ᠪᠠᠭᠤᠳᠠᠯ ᠵᠡᠷᠭᠡ ᠭᠤᠤᠯ ᠪᠣᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠴᠢᠳᠠᠮᠵᠢ ᠨᠢ ᠪᠦᠷᠢᠨ ᠭᠦᠢᠴᠡᠳ᠂ ᠣᠷᠣᠨ  ᠬᠤᠪᠢᠶᠠᠷᠠᠯ ᠵᠦᠶ ᠵᠣᠬᠢᠰᠲᠠᠶ᠂ ᠪᠠᠷᠢᠮᠵᠢᠶ᠎ᠠ ᠨᠢ ᠵᠢᠷᠤᠮᠵᠢᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠯᠠᠪᠤᠷ ᠭᠠᠵᠠᠷ ᠢ ᠪᠣᠶ ᠪᠣᠯᠭᠠᠨ᠎ᠠ︔ ᠭᠤᠷᠪᠠ ᠳᠤ᠂ ᠠᠷᠠᠯᠵᠢᠶᠠᠨ ᠤ ᠦᠢᠯᠡᠴᠢᠯᠡᠭᠡᠨ ᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠴᠤᠪᠤᠷᠠᠯ ᠤᠨ ᠬᠠᠮᠢᠶᠠᠷᠤᠯᠲᠠ ᠶᠢᠨ ᠲᠣᠭᠤᠷᠢᠨ ᠳᠤ᠂ ᠠᠷᠠᠯᠵᠢᠶᠠᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠯᠵᠢᠶᠠᠨ ᠤ ᠵᠦᠢᠯᠡᠰ ᠢ ᠠᠯᠠᠭᠠᠨ ᠳᠡᠭᠡᠷ᠎ᠡ ᠬᠦᠢᠴᠡᠳᠬᠡᠬᠦ᠂ ᠬᠤᠷᠤᠭᠤᠨ ᠦᠵᠦᠭᠦᠷ ᠢᠶᠠᠷ ᠬᠦᠢᠴᠡᠳᠬᠡᠬᠦ᠂ ᠠᠷᠠᠯᠵᠢᠶᠠᠨ ᠤ ᠮᠡᠳᠡᠭᠡ ᠵᠠᠩᠭᠢ ᠶᠢ ︽ᠪᠦᠬᠦᠨ ᠢ ᠢᠯᠡ ᠪᠣᠯᠭᠠᠬᠤ︾᠂ ᠠᠷᠠᠯᠵᠢᠶᠠᠨ ᠤ ᠭᠤᠤᠯ ᠴᠣᠭᠴᠠ ᠶᠢ ︽ᠦᠯᠦ ᠭᠦᠶᠦᠯᠭᠡᠬᠦ︾ ᠶᠢ ᠬᠡᠷᠡᠭᠵᠢᠭᠦᠯᠦᠨ᠎ᠡ᠃ ᠲᠠᠯᠠᠪᠤᠷ ᠲᠤ ᠣᠷᠣᠵᠤ ᠳᠡᠩᠰᠡᠯᠡᠨ ᠲᠡᠮᠳᠡᠭᠯᠡᠬᠦ᠂ ᠲᠠᠯᠠᠪᠤᠷ ᠢ ᠤᠷᠢᠳᠴᠢᠯᠠᠨ ᠪᠣᠯᠵᠣᠬᠤ᠂ ᠲᠤᠰᠬᠠᠶ ᠮᠡᠷᠭᠡᠵᠢᠯᠲᠡᠨ ᠰᠣᠩᠭᠤᠨ ᠠᠪᠬᠤ᠂ ᠳᠠᠭᠠᠭᠠᠴᠢᠯᠠᠯᠲᠠ ᠤᠯᠬᠤ ᠮᠡᠳᠡᠭᠳᠡᠯ ᠤᠨ ᠪᠢᠴᠢᠭ ᠲᠠᠷᠬᠠᠭᠠᠬᠤ᠂ ᠭᠡᠷ᠎ᠡ ᠲᠣᠭᠲᠠᠬᠤ᠂ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠵᠡᠷᠭᠡ ᠭᠤᠭᠴᠤᠭ᠎ᠠ ᠶᠢ ᠪᠥᠬᠦ ᠶᠠᠪᠤᠴᠠ ᠪᠠᠷ ᠰᠦᠯᠵᠢᠶᠡᠨ ᠳᠡᠭᠡᠷ᠎ᠡ ᠭᠦᠢᠴᠡᠳᠭᠡᠵᠤ᠂ ᠪᠠᠷᠢᠮᠵᠢᠶᠠᠵᠢᠭᠤᠯᠤᠭᠰᠠᠨ ᠦᠢᠯᠡᠴᠢᠯᠡᠭᠡ ᠨᠢ ᠢᠯᠡ ᠲᠤᠳᠤ᠂ ᠳᠥᠭᠦᠮ ᠳᠥᠲᠡ᠂ ᠥᠨᠳᠥᠷ ᠪᠦᠲᠦᠮᠵᠢᠲᠡᠶ ᠠᠷᠠᠯᠵᠢᠶᠠᠨ ᠤ ᠲᠠᠪᠴᠠᠩ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号