ᠪᠡᠭᠡᠵᠢᠩ ᠤᠨ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/21
    6 ᠰᠠᠷ᠎ᠠ ᠶᠢᠨ 20 ᠤ ᠡᠳᠦᠷ᠂ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠣᠣ ᠯᠦᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠠᠶ ᠱᠠᠨ ᠤ ᠪᠠᠷ᠎ᠠ ᠪᠣᠯᠣᠯᠭ᠎ᠠ ᠳᠣᠣᠷ᠎ᠠ ᠪᠡᠭᠡᠵᠢᠩ ᠤᠨ ᠲᠠᠷᠢᠶᠠᠯᠠᠩ ᠮᠠᠯ ᠠᠵᠤ ᠠᠬᠤᠶ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ᠃
C:\Users\Administrator\Desktop\1.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠬᠤᠰᠢᠭᠤᠨ ᠤ  ᠾᠦᠢ ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠶ ᠬᠤᠷᠰᠢᠶ᠎ᠠ᠂ ᠠᠤᠬᠠᠨ ᠬᠤᠰᠢᠭᠤᠨ ᠤ ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠨᠠᠷᠢᠮᠤ ᠶᠢᠨ ᠮᠦᠽᠧᠶ᠂ ᠠᠤᠬᠠᠨ ᠬᠤᠰᠢᠭᠤᠨ ᠤ ᠲᠠᠷᠢᠶᠠᠯᠠᠩ ᠠᠷᠠᠯᠵᠢᠶ᠎ᠠ ᠬᠤᠳᠠᠯᠳᠤᠭᠠᠨ ᠤ ᠲᠤᠭ᠎ᠠ ᠪᠠᠷᠢᠮᠲᠠ ᠶᠢᠨ ᠲᠥᠪ᠂ ᠰᠠᠯᠪᠤᠷᠢ ᠰᠢᠶᠠᠩ ᠤᠨ ᠲᠦᠮᠡᠨ ᠮᠥ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
C:\Users\Administrator\Desktop\2.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠬᠥᠭᠵᠢᠯᠲᠡ᠂ ᠲᠦᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠨᠠᠩ ᠶᠡᠭᠡ ᠬᠦᠷᠢᠶ᠎ᠡ ᠬᠡᠪᠴᠢᠶ᠎ᠡ᠂ ᠨᠠᠩ ᠭᠦᠨ ᠳᠠᠪᠬᠤᠷᠭ᠎ᠠ᠂ ᠨᠠᠩ ᠥᠨᠳᠥᠷ ᠬᠢᠷᠢ ᠲᠦᠪᠰᠢᠨ ᠪᠥᠬᠦᠶ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠵᠠᠭᠪᠤᠷ ᠢ ᠪᠠᠶᠢᠭᠤᠯᠵᠤ᠂ ᠨᠠᠩ ᠣᠯᠠᠨ ᠠᠵᠤ ᠠᠬᠤᠶᠢᠯᠠᠯ ᠤᠨ ᠬᠠᠮᠵᠢᠯᠴᠠᠭ᠎ᠠ ᠶᠢᠨ ᠳᠤᠮᠳᠠ ᠣᠷᠣᠯᠴᠠᠬᠤ ᠶᠢ ᠲᠠᠲᠠᠵᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃
C:\Users\Administrator\Desktop\3.jpg
    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠨ ᠵᠢᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠭᠦᠸᠧ ᠰᠢᠶᠤᠤ ᠴᠢᠶᠤᠤ᠂ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
C:\Users\Administrator\Desktop\4.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号