ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠠᠤᠬᠠᠨ ᠬᠤᠰᠢᠭᠤᠨ ᠳᠤ ᠢᠷᠡᠵᠦ ᠠᠵᠢᠯ ᠤᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/21
    6 ᠰᠠᠷ᠎ᠠ ᠶᠢᠨ 20 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠵᠤᠷᠭᠠᠨ ᠤ ᠳᠠᠷᠤᠭ᠎ᠠ ᠲᠠᠩ ᠸᠧᠶ ᠸᠧᠶ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ ᠲᠢᠶᠠᠨ ᠰᠢᠨ ᠷᠦ᠋  ᠶᠢᠨ ᠪᠠᠷ᠎ᠠ  ᠪᠣᠯᠤᠯᠴᠠᠭ᠎ᠠ ᠳᠣᠣᠷ᠎ᠠ ᠮᠠᠨ ᠤ ᠬᠤᠰᠢᠭᠤᠨ ᠳᠤ ᠢᠷᠡᠵᠦ ᠠᠵᠢᠯ ᠤᠨ ᠪᠠᠶᠢᠴᠠᠭᠠᠨ ᠰᠤᠳᠤᠯᠤᠯᠲᠠ ᠬᠢᠪᠠ᠃
C:\Users\Administrator\Desktop\10.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠸᠧᠢ ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠱᠧᠨ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠵᠡᠭᠦᠨ ᠬᠤᠶᠢᠲᠤ ᠶᠢᠨ ᠰᠢᠨ᠎ᠡ ᠡᠨᠧᠷᠭᠢ ᠶᠢᠨ ᠠᠤᠬᠠᠨ ᠤ ᠰᠠᠯᠬᠢᠨ ᠤ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠭᠰᠠᠨ ᠪᠥᠭᠡᠳ ᠠᠤᠬᠠᠨ ᠤ ᠨᠠᠷᠢᠮᠤ ᠶᠢᠨ ᠮᠦᠽᠧᠶ ᠶᠢ ᠲᠣᠭᠤᠷᠢᠨ ᠦᠵᠡᠪᠡ᠃ ᠣᠳᠣᠬᠠᠨ ᠤ ᠮᠠᠨ ᠤ ᠬᠤᠰᠢᠭᠤᠨ ᠤ ᠳᠤᠮᠳᠠ ᠵᠢᠵᠢᠭ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠣᠯᠤᠨ ᠬᠦᠴᠢᠷᠳᠡᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠢᠴᠢ ᠠᠵᠤ ᠠᠬᠤᠶᠢᠯᠠᠯ ᠤᠨ ᠳᠠᠷᠠᠭᠠᠴᠢ ᠶᠢᠨ ᠠᠯᠬᠤᠮ ᠤᠨ ᠠᠷᠭᠠᠴᠠᠬᠤ ᠠᠷᠭ᠎ᠠ ᠬᠡᠮᠵᠢᠶ᠎ᠡ ᠪᠣᠯᠤᠨ ᠵᠠᠰᠠᠭ ᠤᠨ ᠣᠷᠳᠣᠨ ᠤ ᠲᠤᠬᠠᠶ ᠰᠠᠨᠠᠯ ᠰᠠᠨᠠᠭᠤᠯᠭ᠎ᠠ ᠶᠢ ᠭᠤᠤᠯᠳᠠᠯᠭ᠎ᠠ ᠲᠠᠢ ᠰᠤᠨᠤᠰᠪᠠ᠃ ᠠᠵᠤ ᠠᠬᠤᠶᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠠᠵᠤ ᠠᠬᠤᠶᠢᠯᠠᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠲᠤᠷᠰᠢᠯᠭ᠎ᠠ ᠠᠷᠭ᠎ᠠ ᠬᠢᠳᠡᠯ ᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠵᠤ᠂ ᠠᠵᠤ ᠠᠬᠤᠶᠢᠯᠠᠯ ᠤᠨ ᠪᠤᠶᠢᠵᠢᠭᠤᠯᠬᠤ ᠪᠠ ᠬᠥᠭᠵᠢᠭᠦᠯᠬᠦ ᠲᠠᠯ᠎ᠠ ᠪᠠᠷ ᠬᠢ ᠦᠢᠯᠡᠳᠦᠯᠭᠡ ᠶᠢᠨ ᠰᠦᠪᠡᠭᠴᠢᠯᠡᠯᠲᠡ᠂ ᠣᠳᠣᠬᠢ ᠪᠠᠶᠢᠳᠠᠯ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠢᠷᠡᠭᠡᠳᠦᠢ ᠶᠢᠨ ᠲᠣᠬᠠᠢ ᠰᠠᠨᠠᠯ ᠰᠠᠨᠠᠭᠤᠯᠭ᠎ᠠ ᠳᠤᠷᠠᠳᠴᠠᠢ᠃
C:\Users\Administrator\Desktop\11.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠂ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠦᠢᠯᠡᠰ ᠨᠢ ᠪᠤᠶᠢᠵᠢᠭᠤᠯᠬᠤ ᠪᠠ ᠬᠥᠭᠵᠢᠭᠦᠯᠬᠦ ᠵᠡᠷᠭᠡ ᠲᠠᠯ᠎ᠠ ᠪᠠᠷ ᠠᠯᠤᠰ ᠬᠡᠲᠦ ᠶᠢᠨ ᠲᠥᠯᠥᠪ ᠪᠠ ᠬᠢᠯᠠᠰ ᠴᠡᠭ ᠲᠠᠢ ᠶᠤᠮ᠂ ᠬᠤᠰᠢᠭᠤᠨ ᠤ ᠵᠠᠰᠠᠭ ᠤᠨ ᠣᠷᠳᠣᠨ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠢᠳᠡᠪᠬᠢᠲᠡᠶ ᠪᠠᠷ ᠠᠵᠢᠯᠯᠠᠵᠤ᠂ ᠨᠠᠷᠢᠯᠢᠭ ᠣᠨᠤᠪᠴᠢᠲᠠᠢ ᠪᠠᠷ ᠬᠦᠴᠦᠯᠡᠵᠦ᠂ ᠲᠠᠰᠤᠷᠠᠯᠲᠠ ᠥᠬᠡᠶ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠴᠢᠩᠭᠠᠳᠬᠠᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠳᠤ ᠦᠢᠯᠡᠴᠢᠯᠡᠬᠦ ᠪᠠ ᠵᠢᠯᠣᠭᠤᠳᠬᠤ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠢ ᠦᠨᠡᠨ ᠪᠣᠳᠠᠲᠠᠶ ᠪᠠᠷ ᠰᠠᠶᠢᠲᠤᠷ ᠬᠢᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠪᠤᠰᠤᠳᠴᠢ ᠪᠥᠭᠡᠳ ᠨᠠᠶᠢᠳᠠᠪᠤᠷᠢᠲᠠᠶ ᠦᠨᠳᠦᠰᠦᠯᠡᠯ ᠬᠠᠩᠭᠠᠬᠤ ᠬᠡᠷᠡᠭᠲᠡᠶ ᠭᠡᠵᠦ ᠢᠯᠡᠳᠬᠡᠪᠡ᠃
C:\Users\Administrator\Desktop\12.jpg
    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠴᠧᠨ ᠭᠤᠸᠠᠩ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
C:\Users\Administrator\Desktop\13.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号