︽ᠠᠤᠬᠠᠨ ᠬᠤᠰᠢᠭᠤᠨ ᠤ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/24
       ︽ᠠᠤᠬᠠᠨ ᠬᠤᠰᠢᠭᠤᠨ ᠤ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠨᠢᠭᠡ᠂ ᠣᠷᠣᠨ ᠲᠣᠭᠠᠨ ᠤ ᠠᠬᠤᠢ ᠪᠠᠶᠢᠳᠠᠯ    ᠮᠠᠰᠢᠨ ᠬᠤᠳᠳᠤᠭ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠮᠠᠰᠢᠨ ᠬᠤᠳᠳᠤᠭ ᠤᠨ ᠬᠡᠷᠡᠭᠯᠡᠯᠲᠡ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠ ᠮᠠᠰᠢᠨ ᠬᠤᠳᠳᠤᠭ ᠤᠨ ᠲᠥᠬᠦᠭᠡᠷᠦᠮᠵᠢ ᠶᠢ ᠬᠡᠪ ᠢᠶᠠᠷ ᠬᠡᠷᠡᠭᠯᠡᠬᠦ ᠠᠮᠢ ᠨᠠᠰᠤ ᠶᠢ ᠬᠠᠮᠠᠭᠠᠯᠠᠬᠤ ᠶᠢᠨ ᠲᠥᠯᠥᠭᠡ᠂ ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠤᠰᠤᠨ ᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠬᠡᠷᠡᠭᠲᠡᠶ᠃    ᠬᠤᠶᠠᠷ᠂ ᠭᠤᠣᠯ ᠠᠭᠤᠯᠭ᠎ᠠ    ᠨᠢᠭᠡᠳᠦᠭᠡᠷ ᠪᠦᠯᠦᠭ᠂ ᠶᠡᠷᠦᠩᠬᠡᠢ ᠳᠦᠷᠢᠮ    ᠨᠢᠭᠡᠳᠦᠭᠡᠷ ᠵᠦᠢᠯ ᠂ ᠪᠥᠬᠦ ᠬᠤᠰᠢᠭᠤᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠪᠠᠷᠢᠯᠭ᠎ᠠ ᠪᠠᠶᠢᠭᠤᠯᠤᠭᠳᠠᠭᠰᠠᠨ ᠤ ᠳᠠᠷᠠᠭᠠᠬᠢ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠮᠠᠰᠢᠨ ᠴᠠᠬᠢᠯᠭᠠᠨ ᠬᠤᠳᠳᠤᠭ ᠤᠨ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠤᠯᠠᠭᠠᠨᠬᠠᠳᠠ ᠬᠤᠲᠠ ᠶᠢᠨ ᠭᠠᠵᠠᠷ ᠳᠣᠤᠷᠠᠬᠢ ᠤᠰᠤ ᠶᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ ᠂ ᠲᠣᠰ ᠠᠷᠭ᠎ᠠ ᠨᠢ ᠪᠦᠬᠦ ᠬᠤᠰᠢᠭᠤᠨ ᠤ ᠬᠢᠯᠢ ᠳᠣᠲᠣᠷ᠎ᠠ ᠲᠠᠷᠢᠶᠠᠯᠠᠩ ᠮᠠᠯ ᠠᠵᠤ ᠠᠬᠤᠢ ᠶᠢᠨ ᠤᠰᠤᠯᠠᠯᠲᠠ ᠶᠢ ᠪᠠᠲᠤᠯᠠᠬᠤ ᠶᠢᠨ ᠲᠥᠯᠥᠭᠡ ᠪᠠᠶᠢᠭᠤᠯᠤᠭᠰᠠᠨ ᠡᠯ᠎ᠡ ᠲᠥᠷᠥᠯ ᠤᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠢᠨᠵᠧᠨᠧᠷᠢᠩ ᠳᠤ ᠲᠣᠬᠢᠷᠠᠨ᠎ᠠ᠂ ᠪᠦᠬᠦ ᠬᠤᠰᠢᠭᠤᠨ ᠤ ᠳᠣᠲᠣᠷᠠᠬᠢ ᠶᠠᠮᠠᠷᠪᠠ ᠨᠢᠭᠡᠴᠡ᠂ ᠬᠤᠪᠢ ᠬᠥᠮᠦᠨ ᠤ ᠬᠠᠮᠢᠶᠠᠷᠴᠤ ᠪᠠᠶᠢᠭ᠎ᠠ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠮᠠᠰᠢᠨ ᠴᠠᠬᠢᠯᠭᠠᠨ ᠬᠤᠳᠳᠤᠭ ᠲᠤ ᠡᠷᠬᠡᠪᠰᠢ ᠲᠤᠰ ᠠᠷᠭ᠎ᠠ ᠶᠢ ᠵᠢᠷᠤᠮᠯᠠᠬᠤ ᠬᠡᠷᠡᠭᠲᠡᠶ᠃    ᠭᠤᠷᠪᠠᠳᠤᠭᠠᠷ ᠵᠦᠢᠯ ᠂ ᠪᠥᠬᠦ ᠬᠤᠰᠢᠭᠤᠨ ᠤ ᠬᠡᠪᠴᠢᠶᠡᠨ ᠳᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠪᠣᠯ ᠬᠠᠷᠢᠶ᠎ᠠ ᠭᠠᠵᠠᠷ ᠤᠨ ᠬᠡᠪᠴᠢᠶᠡᠨ ᠳᠠᠬᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ︽ᠬᠡᠨ ᠠᠰᠢᠭ ᠭᠥᠷᠳᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠲᠣᠰᠬᠤᠨ ᠤ ᠠᠷᠠᠳ ᠤᠨ ᠵᠥᠪᠯᠡᠯ ᠪᠣᠯ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠭᠤᠤᠯ ᠴᠣᠭᠴᠠ ᠮᠥᠨ᠃ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠣᠷᠣᠨ ᠪᠦᠰᠡ ᠶᠢᠨ ᠬᠡᠪᠴᠢᠶᠡᠨ ᠳᠠᠬᠢ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠬᠠᠷᠢᠭᠤᠴᠠᠵᠤ᠂ ᠬᠠᠷᠢᠶ᠎ᠠ ᠣᠷᠣᠨ ᠤ ᠳᠣᠲᠣᠷᠠᠬᠢ ᠡᠯ᠎ᠡ ᠭᠠᠴᠠᠭᠠᠨ ᠤ ᠠᠷᠠᠳ ᠤᠨ ᠵᠥᠪᠯᠡᠯ ᠢ  ᠱᠠᠯᠠᠪᠳᠠᠭᠤᠯᠵᠤ ᠪᠠᠶᠢᠭᠠᠳ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠵᠦᠢ ᠵᠣᠬᠢᠰᠲᠠᠢ ᠲᠠᠷᠬᠠᠭᠠᠬᠤ ︵ᠳᠠᠭᠠᠭᠠᠴᠢᠯᠠᠭᠤᠯᠬᠤ︶᠂ ᠠᠵᠢᠯᠯᠠᠭᠤᠯᠬᠤ᠂ ᠬᠠᠮᠢᠶᠠᠷᠴᠤ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠢᠨᠵᠧᠨᠧᠷᠢᠩ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠪᠠᠲᠤᠯᠠᠨ᠎ᠠ᠃    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠲᠥᠯᠥᠪᠵᠢᠭᠦᠯᠭᠡ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠲᠦᠷᠢᠮ ᠢ ᠰᠤᠳᠤᠯᠤᠨ ᠲᠣᠭᠲᠠᠭᠠᠵᠤ᠂ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠ ᠤᠰᠤ ᠠᠷᠪᠢᠯᠠᠬᠤ ᠮᠡᠷᠭᠡᠵᠢᠯ ᠤᠨ ᠵᠢᠯᠣᠭᠤᠳᠬᠤ ᠠᠵᠢᠯ ᠢ ᠬᠠᠷᠢᠭᠤᠴᠠᠨ᠎ᠠ᠃    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠬᠠᠩᠭᠠᠬᠤ ᠵᠠᠬ᠎ᠠ ᠳᠡᠯᠭᠡᠭᠦᠷ ᠤᠨ ᠯᠠᠪᠯᠠᠯᠲᠠ ᠶᠢᠨ ᠦᠨ᠎ᠡ ᠬᠠᠩᠰᠢ ᠶᠢ ᠲᠥᠰᠦᠭᠡᠯᠡᠨ  ᠪᠣᠳᠤᠨ᠎ᠠ᠃    ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠬᠠᠩᠭᠠᠬᠤ ᠦᠨ᠎ᠡ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ᠤᠯᠤᠰ ᠤᠨ ᠴᠠᠬᠢᠯᠭᠠᠨ  ᠲᠣᠣᠷᠵᠢᠯ ᠤᠨ ᠠᠤᠬᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠬᠠᠩᠭᠠᠬᠤ ᠺᠣᠮᠫᠠᠨᠢ ᠶᠢᠨ ᠥᠮᠴᠢᠯᠡᠬᠦ ᠡᠷᠬᠡ ᠶᠢᠨ ᠮᠠᠰᠢᠨ ᠴᠠᠬᠢᠯᠭᠠᠨ ᠬᠤᠳᠳᠤᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠴᠠᠬᠢᠯᠭᠠᠨ ᠬᠠᠩᠭᠠᠬᠤ ᠪᠤᠰᠤ ᠺᠣᠮᠫᠠᠨᠢ ᠶᠢᠨ ᠥᠮᠴᠢᠯᠡᠯ ᠤᠨ ᠪᠤᠰᠤ ᠮᠠᠰᠢᠨ ᠴᠠᠬᠢᠯᠭᠠᠨ ᠬᠤᠳᠳᠤᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠥᠮᠴᠢᠯᠡᠯ ᠤᠨ ᠡᠷᠬᠡ ᠶᠢᠨ ᠬᠠᠷᠢᠶᠠᠯᠠᠭᠳᠠᠬᠤ ᠬᠥᠮᠦᠨ ᠠᠴᠠ ᠬᠠᠮᠠᠭᠠᠯᠠᠨ᠎ᠠ᠃    ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠰᠤ ᠬᠠᠩᠭᠠᠬᠤ ᠢᠨᠵᠧᠨᠧᠷᠢᠩ ᠤᠨ ᠲᠥᠬᠦᠭᠡᠷᠦᠮᠵᠢ ᠶᠢ ᠡᠪᠳᠡᠬᠦ᠂ ᠬᠥᠳᠡᠭᠡ ᠲᠣᠰᠬᠤᠨ ᠤ ︽ᠤᠰᠤᠨ ᠤ ᠡᠵᠡᠷᠬᠡᠭᠴᠢ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠡᠷᠬᠡ ᠮᠡᠳᠡᠯ ᠢᠶᠠᠨ ᠦᠨᠳᠦᠰᠦᠯᠡᠨ ᠲᠣᠭᠲᠠᠭᠠᠯ ᠠᠴᠠ ᠵᠥᠷᠢᠴᠡᠭᠰᠡᠨ ᠮᠠᠰᠢᠨ ᠴᠠᠬᠢᠯᠭᠠᠨ ᠬᠤᠳᠳᠤᠭ ᠢ ᠪᠠᠶᠢᠴᠠᠭᠠᠨ ᠪᠢᠲᠡᠭᠦᠮᠵᠢᠯᠡᠬᠦ ᠶᠢ ᠬᠠᠷᠢᠭᠤᠴᠠᠨ᠎ᠠ᠃    ᠬᠤᠶᠠᠳᠤᠭᠠᠷ ᠪᠦᠯᠦᠭ  ᠂ ᠬᠠᠮᠢᠶᠠᠷᠤᠯᠲᠠ ᠬᠢᠭᠡᠳ ᠠᠵᠢᠯᠯᠠᠭᠠᠨ    ᠳᠥᠷᠪᠡᠳᠦᠭᠡᠷ ᠵᠦᠢᠯ ᠂  ᠪᠡᠯᠡ ᠣᠷᠣᠭᠤᠯᠵᠤ ᠪᠦᠲᠦᠭᠡᠨ ᠪᠠᠶᠢᠭᠤᠯᠬᠤ ᠭᠤᠣᠯ ᠴᠣᠭᠴᠠ ᠶᠢᠨ ᠠᠳᠠᠯᠢ ᠪᠤᠰᠤ ᠶᠢ ᠦᠨᠳᠦᠰᠦᠯᠡᠨ᠂ ᠪᠦᠬᠦ ᠬᠤᠰᠢᠭᠤᠨ ᠤ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠢᠨᠵᠧᠨᠧᠷᠢᠩ ᠤᠨ ᠥᠮᠴᠢᠯᠡᠬᠦ ᠡᠷᠬᠡ ᠵᠢᠴᠢ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠡ ᠶᠢ ᠳᠣᠣᠷᠠᠬᠢ ᠵᠠᠷᠴᠢᠮ ᠶᠣᠰᠣᠭᠠᠷ ᠲᠣᠭᠲᠠᠭᠠᠬᠤ ᠬᠡᠷᠡᠭᠲᠡᠶ᠄    ︵ᠨᠢᠭᠡ︶ ᠂ ᠤᠯᠤᠰ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ᠂ ᠪᠠᠷᠢᠯᠭ᠎ᠠ ᠶᠢᠨ ᠥᠮᠴᠢᠯᠡᠬᠦ ᠡᠷᠬᠡ ᠨᠢ ᠤᠯᠤᠰ ᠤᠨ ᠥᠮᠴᠢᠯᠡᠯ ᠳᠤ ᠬᠠᠷᠢᠶᠠᠯᠠᠭᠳᠠᠵᠤ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠲᠥᠷᠥᠯ ᠵᠦᠢᠯ ᠤᠨ ᠲᠣᠰᠬᠤᠨ ᠪᠤᠶᠤ ᠬᠠᠮᠢᠶᠠᠷᠤᠯᠲᠠ ᠶᠢᠨ ᠨᠢᠭᠡᠴᠡ ᠳᠤ ᠲᠤᠰᠢᠶᠠᠨ ᠥᠭᠴᠦ᠂ ᠲᠥᠷᠥᠯ ᠵᠦᠢᠯ ᠤᠨ ᠲᠣᠰᠬᠤᠨ ᠪᠤᠶᠤ ᠬᠠᠮᠢᠶᠠᠷᠤᠯᠲᠠ ᠶᠢᠨ ᠨᠢᠭᠡᠴᠡ ᠠᠴᠠ ᠬᠡᠷᠡᠭᠯᠡᠵᠦ ᠬᠠᠮᠢᠶᠠᠷᠴᠤ ᠬᠠᠮᠠᠭᠠᠯᠠᠬᠤ ᠬᠡᠷᠡᠭᠲᠡᠶ᠃    ︵ᠬᠤᠶᠠᠷ︶ ᠂ ᠤᠯᠤᠰ ᠠᠴᠠ ᠪᠡᠯᠡ ᠣᠷᠣᠭᠤᠯᠤᠨ ᠨᠡᠶᠢᠭᠡᠮ ᠤᠨ ᠪᠡᠯᠡ ᠮᠥᠩᠭᠦ ᠲᠠᠢ ᠬᠠᠮᠲᠤ ᠪᠠᠷ ᠪᠡᠯᠡ ᠣᠷᠣᠭᠤᠯᠤᠨ ᠪᠦᠳᠦᠭᠡᠨ ᠪᠠᠶᠢᠭᠤᠯᠤᠭᠰᠠᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠳᠤ ᠡᠯ᠎ᠡ ᠲᠠᠯ᠎ᠠ ᠶᠢᠨ ᠪᠡᠯᠡ ᠣᠷᠣᠭᠤᠯᠤᠯᠲᠠ ᠶᠢᠨ ᠬᠠᠷᠢᠴᠠᠯ ᠢ ᠦᠨᠳᠦᠰᠦᠯᠡᠨ ᠥᠮᠴᠢᠯᠡᠬᠦ ᠡᠷᠬᠡ ᠶᠢ ᠲᠣᠭᠲᠠᠭᠠᠵᠤ᠂ ᠪᠠᠷᠢᠯᠭ᠎ᠠ ᠶᠢᠨ ᠥᠮᠴᠢᠯᠡᠯ ᠤᠨ ᠡᠷᠬᠡ ᠶᠢᠨ ᠬᠠᠷᠢᠶ᠎ᠠ ᠭᠠᠵᠠᠷ ᠵᠢᠴᠢ ᠠᠰᠢᠭ ᠬᠦᠷᠳᠡᠬᠦ ᠲᠣᠰᠬᠤᠨ ᠤ ᠵᠥᠪᠯᠡᠯ ᠢᠶᠠᠷ ᠳᠠᠮᠵᠢᠭᠤᠯᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠶᠠᠪᠤᠳᠠᠯ ᠢ ᠵᠥᠪᠳᠡᠯᠴᠡᠬᠦ ᠬᠡᠷᠡᠭᠲᠡᠶ᠃    ︵ᠭᠤᠷᠪᠠ︶ ᠂ ᠨᠡᠶᠢᠭᠡᠮ ᠤᠨ ᠪᠡᠯᠡ ᠮᠥᠩᠭᠦ ᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢᠨ ᠥᠮᠴᠢᠯᠡᠬᠦ ᠡᠷᠬᠡ ᠨᠢ ᠪᠡᠯᠡ ᠣᠷᠣᠭᠤᠯᠤᠭᠴᠢ ᠳᠤ ᠥᠮᠴᠢᠯᠡᠭᠳᠡᠵᠦ᠂ ᠪᠡᠯᠡ ᠣᠷᠣᠭᠤᠯᠤᠭᠴᠢ ᠠᠴᠠ ᠬᠠᠷᠢᠶ᠎ᠠ ᠭᠠᠵᠠᠷ ᠵᠢᠴᠢ ᠠᠰᠢᠭ ᠬᠦᠷᠲᠡᠬᠦ ᠲᠣᠰᠬᠤᠨ ᠤ ᠵᠥᠪᠯᠡᠯ ᠯᠦᠭᠡ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠤᠴᠢᠷ ᠢ  ᠵᠦᠪᠳᠡᠯᠴᠡᠬᠦ ᠬᠡᠷᠡᠭᠲᠡᠢ᠃    ᠲᠠᠪᠤᠳᠤᠭᠠᠷ ᠵᠦᠢᠯ ᠂ ᠤᠯᠤᠰ ᠤᠨ ᠣᠷᠣᠭᠤᠯᠤᠯᠲᠠ ᠪᠠᠷ ᠭᠤᠤᠯ ᠪᠣᠯᠭᠠᠭᠰᠠᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢ ᠵᠠᠷᠴᠢᠮ ᠳᠡᠭᠡᠷ᠎ᠡ ᠪᠠᠨ ᠲᠣᠰᠬᠤᠨ ᠤ ᠠᠷᠠᠳ ᠤᠨ ᠵᠥᠪᠯᠡᠯ ᠪᠤᠶᠤ ᠬᠠᠮᠢᠶᠠᠷᠤᠯᠲᠠ ᠶᠢᠨ ᠨᠢᠭᠡᠴᠡ ᠨᠢ ᠤᠷᠢᠬᠤ ᠪᠤᠶᠤ ᠬᠠᠮᠢᠶᠠᠷᠤᠯᠲᠠ ᠶᠢᠨ ᠠᠵᠢᠯᠲᠠᠨ ᠳᠤ ᠨᠠᠶᠢᠳᠠᠵᠤ ᠬᠠᠮᠢᠶᠠᠷᠤᠭᠤᠯᠬᠤ ᠪᠠᠷ ᠳᠠᠮᠵᠢᠭᠤᠯᠤᠨ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠢᠯᠡ᠂ ᠡᠷᠬᠡ ᠲᠡᠭᠰᠢ᠂ ᠲᠥᠪ ᠭᠤᠤᠯᠴᠢ ᠪᠠᠷ ᠭᠠᠳᠠᠭᠰᠢ ᠳᠠᠭᠠᠭᠠᠴᠢᠯᠠᠭᠤᠯᠬᠤ ᠶᠢ ᠵᠣᠷᠢᠭᠵᠢᠭᠤᠯᠬᠤ ᠬᠡᠷᠡᠭᠲᠡᠶ᠃    ᠵᠢᠷᠭᠤᠳᠤᠭᠠᠷ ᠵᠦᠢᠯ ᠂ ᠡᠯ᠎ᠡ ᠭᠠᠴᠠᠭᠠᠨ ᠤ ᠠᠷᠠᠳ ᠤᠨ ᠵᠥᠪᠯᠡᠯ ᠪᠦᠬᠦ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠰᠡᠨ ᠤ ᠲᠠᠷᠠᠭ᠎ᠠ᠂ ᠬᠠᠷᠢᠶ᠎ᠠ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠪᠤᠶᠤ ᠬᠠᠮᠢᠶᠠᠷᠤᠯᠲᠠ ᠶᠢᠨ ᠨᠢᠭᠡᠴᠡ ᠶᠢᠨ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠲᠦᠷᠢᠶᠡᠰᠦᠯᠡᠬᠦ᠂ ᠦᠨ᠎ᠡ ᠬᠠᠶᠠᠯᠴᠠᠭᠤᠯᠤᠨ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤ ᠬᠡᠷᠡᠭᠯᠡᠭᠴᠢ ᠶᠢᠨ ᠨᠡᠶᠢᠭᠡᠮᠯᠢᠭ᠂ ᠬᠤᠪᠢ ᠬᠥᠮᠦᠨ ᠵᠡᠷᠭᠡ ᠭᠤᠷᠪᠠᠳᠠᠬᠢ ᠡᠲᠡᠭᠡᠳ ᠠᠴᠠ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠳᠤ ᠬᠠᠮᠢᠶᠠᠷᠤᠯᠲᠠ ᠬᠢᠬᠦ ᠬᠡᠷᠡᠭᠲᠡᠶ᠃    ᠳᠣᠯᠣᠳᠤᠭᠠᠷ ᠵᠦᠢᠯ ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢ ᠲᠦᠷᠢᠶᠡᠰᠦᠯᠡᠬᠦ᠂ ᠦᠨ᠎ᠡ ᠬᠠᠶᠠᠯᠴᠠᠭᠤᠯᠤᠨ ᠳᠠᠭᠠᠭᠠᠴᠢᠯᠠᠭᠤᠯᠬᠤ ᠶᠢ ᠳᠠᠭᠠᠭᠠᠴᠢᠯᠠᠯᠲᠠ ᠬᠢᠬᠦ ᠳᠡᠭᠡᠨ ᠭᠡᠷ᠎ᠡ ᠪᠠᠨ ᠴᠢᠩᠭ᠎ᠠ ᠲᠣᠭᠲᠠᠭᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠪᠠᠨ ᠲᠣᠳᠣᠷᠬᠠᠶᠢᠯᠠᠵᠤ᠂ ᠲᠦᠷᠢᠶᠡᠰᠦᠯᠡᠬᠦ᠂ ᠳᠠᠭᠠᠭᠠᠴᠢᠯᠠᠬᠤ ᠵᠠᠷᠤᠳᠠᠯ ᠪᠣᠯᠤᠨ ᠲᠦᠷᠢᠶᠡᠰᠦᠯᠡᠬᠦ᠂ ᠳᠠᠭᠠᠭᠠᠴᠢᠯᠠᠬᠤ ᠬᠤᠭᠤᠴᠠᠭ᠎ᠠ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠡᠯᠪᠢᠨ ᠵᠠᠰᠠᠬᠤ ᠪᠠᠷᠢᠴᠠᠭᠠᠨ ᠤ ᠮᠥᠩᠭᠦ ᠲᠣᠭᠲᠠᠭᠠᠬᠤ ᠶᠢ ᠵᠣᠷᠢᠭᠵᠢᠭᠤᠯᠵᠤ᠂ ᠡᠯ᠎ᠡ ᠭᠠᠴᠠᠭᠠᠨ ᠤ ᠠᠷᠠᠳ ᠤᠨ ᠵᠥᠪᠯᠡᠯ ᠠᠴᠠ ᠪᠠᠷᠢᠴᠠᠭᠠᠨ ᠤ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠶᠠᠮᠠᠷᠪᠠ  ᠨᠢᠭᠡᠴᠡ ᠪᠠ ᠬᠤᠪᠢ ᠬᠥᠮᠦᠨ ᠪᠠᠴᠢᠮ ᠪᠠᠶᠢᠳᠠᠯ ᠢ ᠠᠷᠭᠠᠴᠠᠬᠤ ᠰᠡᠯᠪᠢᠨ ᠵᠠᠰᠠᠬᠤ ᠪᠠᠷᠢᠴᠠᠭᠠᠨ ᠤ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ᠃ ᠡᠵᠡᠩᠨᠡᠨ ᠬᠠᠮᠢᠶᠠᠷᠤᠭᠴᠢ ᠨᠢ ᠤᠤᠯ ᠤᠨ ᠵᠢᠷᠤᠭᠯᠠᠨ ᠲᠥᠯᠥᠪᠯᠡᠭᠰᠡᠨ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠷᠬᠡᠪᠰᠢ ᠪᠠᠲᠤᠯᠠᠵᠤ᠂ ᠤᠤᠯ ᠤᠨ ᠤᠰᠤ ᠬᠠᠩᠭᠠᠬᠤ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠶ᠃    ᠨᠠᠢᠮᠠᠳᠤᠭᠠᠷ ᠵᠦᠢᠯ ᠂  ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠢᠨᠵᠧᠨᠧᠷᠢᠩ ᠤᠨ ᠡᠵᠡᠩᠨᠡᠨ ᠬᠠᠮᠢᠶᠠᠷᠤᠭᠴᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠤᠳᠤᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠪᠠ ᠬᠠᠷᠢᠶ᠎ᠠ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠪᠠᠰᠠ ᠨᠡᠶᠢᠭᠡᠮ ᠤᠨ ᠬᠢᠨᠠᠯᠲᠠ᠂ ᠲᠤᠯᠭᠠᠨ ᠯᠠᠪᠯᠠᠬᠤ ᠪᠠ ᠦᠨᠡᠯᠡᠨ ᠶᠠᠷᠢᠯᠴᠠᠬᠤ ᠶᠢ ᠬᠦᠯᠢᠶᠡᠬᠦ ᠬᠡᠷᠡᠭᠲᠡᠶ᠃     ᠶᠢᠰᠦᠳᠦᠭᠡᠷ  ᠵᠦᠢᠯ ᠂  ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢ ᠳᠣᠣᠷᠠᠬᠢ ᠬᠠᠮᠢᠶᠠᠷᠤᠯᠲᠠ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ ᠵᠢᠷᠤᠮᠵᠢᠭᠤᠯᠬᠤ ᠬᠡᠷᠡᠭᠲᠡᠢ᠄    ︵ᠨᠢᠭᠡ᠂ ᠬᠥᠳᠡᠭᠡ ᠲᠣᠰᠭᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠪᠠᠷᠢᠯᠭ᠎ᠠ ᠶᠢᠨ ᠡᠵᠡᠩᠨᠡᠨ ᠬᠠᠮᠢᠶᠠᠷᠤᠭᠴᠢ ᠡᠷᠬᠡᠪᠰᠢ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ︵ᠠᠶᠤᠯᠭᠦᠢ ᠦᠢᠯᠡᠳᠪᠦᠷᠢᠯᠡᠯ ᠤᠨ ᠳᠦᠷᠢᠮ᠂ ᠲᠥᠬᠦᠭᠡᠷᠦᠮᠵᠢ ᠶᠢᠨ ᠠᠵᠢᠯᠯᠠᠬᠤ ᠳᠦᠷᠢᠮ᠂ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠦᠷᠢᠮ ᠵᠡᠷᠭᠡ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ  ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︶ ᠬᠠᠮᠢᠶᠠᠷᠤᠯᠲᠠ ᠶᠢᠨ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠬᠠᠮᠢᠶᠠᠷᠤᠯᠲᠠ ᠶᠢᠨ ᠠᠵᠢᠯᠲᠠᠨ ᠤ ᠡᠷᠬᠡ ᠲᠤᠰᠢᠶᠠᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃    ︵ᠬᠤᠶᠠᠷ︶ ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢᠨ ᠡᠵᠡᠩᠨᠡᠨ ᠬᠠᠮᠢᠶᠠᠷᠤᠭᠴᠢ ᠬᠠᠷᠢᠶ᠎ᠠ ᠪᠦᠬᠦᠢ ᠤᠰᠤ ᠬᠠᠩᠭᠠᠬᠤ ᠤᠰᠤᠨ ᠰᠤᠷᠪᠤᠯᠵᠢ᠂ ᠪᠠᠷᠢᠯᠭ᠎ᠠ ᠶᠢᠨ ᠵᠦᠢᠯ᠂ ᠬᠤᠭᠤᠯᠠᠢ᠂ ᠬᠥᠭᠡᠷᠭᠡ ᠶᠢᠨ ᠭᠡᠷ ᠵᠡᠷᠭᠡ ᠲᠥᠬᠦᠭᠡᠷᠦᠮᠵᠢ ᠳᠤ ᠡᠷᠬᠡᠪᠰᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢᠨ ᠬᠠᠮᠲᠤ ᠡᠬᠡ ᠳᠠᠩᠰᠠ ᠪᠠᠶᠢᠭᠤᠯᠵᠤ᠂ ᠪᠠᠷᠢᠯᠭ᠎ᠠ ᠶᠢᠨ ᠲᠥᠬᠦᠭᠡᠷᠦᠮᠵᠢ ᠶᠢᠨ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃    ︵ᠭᠤᠷᠪᠠ︶᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢᠨ ᠲᠥᠬᠦᠭᠡᠷᠦᠮᠵᠢ ᠶᠢ ᠡᠷᠬᠡᠪᠰᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ ᠰᠡᠯᠪᠢᠨ ᠵᠠᠰᠠᠵᠤ᠂ ᠴᠠᠬᠢᠯᠭᠠᠨ ᠬᠠᠩᠭᠠᠬᠤ ᠴᠠᠬᠢᠯᠭᠠᠨ ᠡᠭᠦᠰᠭᠡᠭᠴᠢ ᠵᠢᠴᠢ ᠴᠠᠬᠢᠯᠭᠠᠨ ᠬᠦᠷᠭᠡᠬᠦ᠂ ᠡᠵᠡᠮᠳᠡᠬᠦ ᠲᠥᠬᠦᠭᠡᠷᠦᠮᠵᠢ ᠶᠢ ᠵᠢᠯ ᠪᠦᠷᠢ ᠶᠢᠨ ᠡᠪᠦᠯ ᠪᠤᠶᠤ ᠬᠠᠪᠤᠷ ᠤᠨ ᠤᠯᠠᠷᠢᠯ ᠳᠤ ᠨᠢᠭᠡ ᠤᠳᠠᠭ᠎ᠠ ᠪᠠᠶᠢᠴᠠᠭᠠᠨ ᠵᠠᠰᠠᠵᠤ᠂ ᠬᠤᠳᠳᠤᠭ ᠤᠨ ᠬᠥᠭᠡᠷᠭᠡ ᠶᠢ ᠵᠢᠷᠤᠮᠵᠢᠯ ᠤᠨ ᠱᠠᠭᠠᠷᠳᠠᠯᠭ᠎ᠠ ᠶᠢ ᠦᠨᠳᠦᠰᠦᠯᠡᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠲᠥᠬᠦᠭᠡᠷᠦᠮᠵᠢ ᠶᠢᠨ ᠠᠵᠢᠯᠯᠠᠭᠠᠨ ᠤ ᠬᠡᠪ ᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠶ᠃    ︵ᠲᠦᠷᠪᠡ︶᠂ ᠰᠡᠯᠪᠢᠨ ᠵᠠᠰᠠᠬᠤ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠭᠡᠷ᠎ᠡ ᠲᠣᠭᠲᠠᠬᠤ ᠠᠴᠠ ᠡᠮᠦᠨ᠎ᠡ᠂ ᠮᠠᠰᠢᠨ ᠴᠠᠬᠢᠯᠭᠠᠨ ᠬᠤᠳᠳᠤᠭ ᠨᠢᠭᠡᠪᠦᠷᠢ ᠶᠢ ᠳᠠᠭᠠᠭᠠᠴᠢᠯᠠᠭᠴᠢ ᠪᠦᠷᠢ ᠲᠣᠰᠬᠤᠨ ᠤ ᠠᠷᠠᠳ ᠤᠨ ᠵᠥᠪᠯᠡᠯ ᠳᠤ ᠪᠠᠴᠢᠮ ᠪᠠᠶᠢᠳᠠᠯ ᠢ ᠠᠷᠭᠠᠴᠠᠨ ᠰᠡᠯᠪᠢᠨ ᠵᠠᠰᠠᠬᠤ ᠪᠠᠷᠢᠴᠠᠭᠠᠨ ᠤ ᠮᠥᠩᠭᠦ ᠶᠢ 5000—10000 ᠲᠥᠭᠦᠷᠢᠭ ᠲᠤᠰᠢᠶᠠᠵᠤ᠂ ᠤᠰᠤ ᠬᠠᠩᠭᠠᠬᠤ ᠠᠰᠠᠭᠤᠳᠠᠯ ᠲᠤᠯᠭᠠᠷᠠᠪᠠᠯ 24 ᠴᠠᠭ ᠤᠨ ᠳᠣᠲᠣᠷ᠎ᠠ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃    ᠠᠷᠪᠠᠳᠤᠭᠠᠷ ᠵᠦᠢᠯ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠳᠤ ᠡᠷᠬᠡᠪᠰᠢ ᠪᠠᠷᠢᠯᠭ᠎ᠠ ᠶᠢᠨ ᠵᠢᠷᠤᠵᠤ ᠲᠥᠯᠥᠪᠯᠡᠭᠰᠡᠨ ᠬᠡᠪᠴᠢᠶᠡᠨ ᠳᠣᠲᠣᠷᠠᠬᠢ ᠤᠰᠤᠯᠠᠯᠲᠠ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠵᠤ᠂ ᠤᠰᠤᠯᠠᠯᠲᠠ ᠶᠢᠨ ᠲᠠᠯᠠᠪᠠᠢ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃    ᠠᠷᠪᠠᠨ ᠨᠢᠭᠡᠳᠦᠭᠡᠷ ᠵᠦᠢᠯ ᠂ ᠪᠠᠷᠢᠯᠭ᠎ᠠ ᠶᠢ ᠰᠡᠯᠪᠢᠨ ᠵᠠᠰᠠᠬᠤ᠂ ᠪᠠᠷᠢᠯᠭ᠎ᠠ ᠪᠠᠷᠢᠬᠤ ᠵᠡᠷᠭᠡ ᠰᠢᠯᠲᠠᠭᠠᠨ ᠠᠴᠠ ᠪᠣᠯᠵᠤ ᠤᠰᠤ ᠬᠠᠩᠭᠠᠬᠤ ᠶᠢ ᠦᠨᠡᠨᠬᠦ ᠵᠣᠭᠰᠣᠭᠠᠬᠤ ᠴᠢᠬᠤᠯᠠᠲᠠᠶ ᠪᠣᠯ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠡ ᠨᠢ ᠡᠷᠬᠡᠪᠰᠢ 24 ᠴᠠᠭ ᠤᠷᠢᠳᠴᠢᠯᠠᠨ ᠤᠰᠤ ᠬᠡᠷᠡᠭᠯᠡᠬᠦ ᠡᠷᠦᠬᠡ ᠳᠤ ᠮᠡᠳᠡᠭᠳᠡᠬᠦ ᠬᠡᠷᠡᠭᠲᠡᠶ᠄ ᠪᠠᠶᠢᠭᠠᠯᠢ ᠶᠢᠨ ᠭᠠᠮᠰᠢᠭ ᠭᠠᠷᠤᠭᠰᠠᠨ ᠪᠤᠶᠤ ᠪᠤᠰᠤᠳ ᠬᠤᠷᠢᠭᠯᠠᠭᠳᠠᠰᠢ ᠦᠭᠡᠶ ᠰᠢᠯᠲᠠᠭᠠᠨ ᠠᠴᠠ ᠪᠣᠯᠵᠤ ᠤᠰᠤ ᠵᠣᠭᠰᠣᠭᠰᠠᠨ ᠢ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠡ ᠨᠢ ᠡᠷᠬᠡᠪᠰᠢ ᠢᠳᠡᠪᠬᠢᠲᠡᠶ ᠵᠠᠪᠳᠤᠨ ᠵᠠᠰᠠᠵᠤ᠂ ᠤᠰᠤ ᠬᠡᠷᠡᠭᠯᠡᠬᠦ ᠡᠷᠦᠬᠡ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃    ᠠᠷᠪᠠᠨ ᠬᠤᠶᠠᠳᠤᠭᠠᠷ  ᠵᠦᠢᠯ᠂ ᠦᠨᠡᠬᠡᠷ ᠬᠡᠷᠡᠭᠯᠡᠭᠡ ᠠᠴᠠ ᠭᠠᠷᠭᠠᠬᠤ ᠴᠢᠬᠤᠯᠠᠲᠠᠶ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠥᠮᠴᠢᠯᠡᠭᠴᠢ ᠠᠴᠠ ᠲᠣᠰᠬᠤᠨ ᠤ ᠵᠥᠪᠯᠡᠯ ᠪᠤᠶᠤ ᠬᠠᠮᠢᠶᠠᠷᠤᠯᠲᠠ ᠶᠢᠨ ᠨᠢᠭᠡᠴᠡ ᠳᠤ ᠳᠤᠷᠠᠳᠴᠤ᠂ ᠲᠣᠰᠬᠤᠨ ᠤ ᠵᠥᠪᠯᠡᠯ ᠪᠤᠶᠤ ᠬᠠᠮᠢᠶᠠᠷᠤᠯᠲᠠ ᠶᠢᠨ ᠨᠢᠭᠡᠴᠡ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠷᠢᠶ᠎ᠠ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠳᠤ ᠮᠡᠳᠡᠭᠦᠯᠵᠦ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠲᠤᠭ᠎ᠠ ᠪᠦᠷᠢᠳᠬᠡᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠬᠤᠰᠢᠭᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠠᠮᠢᠶ᠎ᠠ ᠪᠥᠬᠦᠶ ᠲᠠᠰ ᠳᠠᠷᠠᠭᠠᠯᠠᠯ ᠢᠶᠠᠷ ᠬᠡᠷᠡᠭᠯᠡᠭᠡᠨ ᠠᠴᠠ ᠭᠠᠷᠭᠠᠨ᠎ᠠ᠃      ᠭᠤᠷᠪᠠᠳᠤᠭᠠᠷ ᠪᠦᠯᠦᠭ ᠂ ᠤᠰᠤᠨ ᠤ ᠦᠨ᠎ᠡ ᠪᠠ ᠤᠰᠤᠨ ᠤ ᠵᠠᠷᠤᠳᠠᠯ    ᠠᠷᠪᠠᠨ ᠭᠤᠷᠪᠠᠳᠤᠭᠠᠷ ᠵᠦᠢᠯ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠠᠷᠢᠯᠭ᠎ᠠ ᠳᠤ ᠲᠥᠯᠥᠪᠦᠷᠢ ᠲᠠᠢ ᠤᠰᠤ ᠬᠠᠩᠭᠠᠬᠤ᠂ ᠬᠡᠮᠵᠢᠯᠲᠡ ᠪᠠᠷ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠳᠣᠬᠢ ᠪᠠᠶᠢᠳᠠᠯ ᠢ ᠦᠨᠳᠦᠰᠦᠯᠡᠨ᠂ ︽ᠴᠠᠬᠢᠯᠭᠠᠨ ᠢᠶᠠᠷ ᠤᠰᠤ ᠶᠢ ᠨᠤᠭᠤᠯᠬᠤ︾ ᠦᠨ᠎ᠡ ᠪᠤᠳᠤᠬᠤ ᠠᠷᠭ᠎ᠠ ᠮᠠᠶ᠋ᠢᠭ ᠢ ᠬᠡᠷᠡᠭᠯᠡᠨ ᠴᠠᠬᠢᠯᠭᠠᠨ ᠤ ᠬᠡᠮᠵᠢᠶ᠎ᠡ ᠪᠠᠷ ᠤᠰᠤᠨ ᠤ ᠰᠦᠢᠳᠭᠡᠯ ᠬᠤᠷᠢᠶᠠᠨ᠎ᠠ᠃ ᠠᠯᠤᠰ ᠡᠵᠡᠮᠰᠢᠯᠲᠦ ᠤᠶᠤᠨᠲᠤ ᠤᠰᠤᠨ ᠤ ᠬᠡᠮᠵᠢᠭᠦᠷ ᠢ ᠤᠭᠰᠠᠷᠠᠬᠤ ᠶᠢ ᠢᠳᠡᠪᠬᠢᠲᠡᠶ ᠬᠡᠷᠡᠭᠵᠢᠭᠦᠯᠵᠦ᠂ ᠬᠡᠮᠵᠢᠭᠦᠷ ᠢᠶᠠᠷ ᠬᠡᠮᠵᠢᠬᠦ ᠶᠢ ᠬᠡᠷᠡᠭᠵᠢᠭᠦᠯᠦᠨ᠂ ︽ᠴᠠᠬᠢᠯᠭᠠᠨ ᠢᠶᠠᠷ ᠤᠰᠤ ᠶᠢ ᠨᠤᠭᠤᠯᠬᠤ︾ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠣᠷᠣᠯᠠᠭᠤᠯᠬᠤ ᠬᠡᠷᠡᠭᠲᠡᠢ᠃    ᠠᠷᠪᠠᠨ ᠳᠥᠷᠪᠡᠳᠦᠭᠡᠷ ᠵᠦᠢᠯ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤᠨ ᠤ ᠦᠨ᠎ᠡ ᠶᠢ ᠡᠷᠬᠡᠪᠰᠢ ᠡᠵᠡᠩᠨᠡᠬᠦ ᠡᠷᠬᠡ᠂ ᠬᠠᠮᠢᠶᠠᠷᠬᠤ ᠡᠷᠬᠡ ᠶᠢᠨ ᠠᠳᠠᠯᠢ ᠪᠤᠰᠤ ᠬᠡᠯᠪᠡᠷᠢ ᠮᠠᠶ᠋ᠢᠭ ᠢᠶᠠᠷ ᠠᠳᠠᠯᠢ ᠪᠤᠰᠤ ᠤᠰᠤᠨ ᠤ ᠦᠨ᠎ᠡ ᠶᠢᠨ ᠪᠠᠷᠢᠮᠵᠢᠶ᠎ᠠ ᠶᠢ ᠬᠢᠨᠠᠨ ᠲᠣᠭᠲᠠᠭᠠᠬᠤ ᠶᠢᠨ ᠬᠠᠮᠲᠤ ᠲᠣᠰᠬᠤᠨ ᠤ ᠵᠥᠪᠯᠡᠯ ᠳᠤ ᠨᠡᠶᠢᠲᠡᠯᠡᠬᠦ ᠬᠡᠷᠡᠭᠲᠡᠶ᠃    ︵ᠨᠢᠬᠡ ︶ ᠂ ᠤᠯᠤᠰ ᠤᠨ ᠪᠡᠯᠡ ᠤᠷᠤᠭᠤᠯᠤᠯᠳᠠ ᠪᠤᠶᠤ ᠲᠤᠰᠬᠤᠨ ᠤ ᠬᠠᠮᠳᠤ ᠶᠢᠨ ᠪᠡᠯᠡ ᠤᠷᠤᠭᠤᠯᠵᠤ ᠪᠠᠶᠢᠭᠤᠯᠤᠭᠰᠠᠨ ᠬᠦᠳᠡᠭᠡ ᠲᠤᠰᠬᠤᠨ ᠤ ᠤᠰᠤᠯᠠᠯᠳᠠ ᠶᠢᠨ ᠮᠠᠰᠢᠨ ᠴᠠᠬᠢᠯᠭᠠᠨ ᠬᠤᠳᠳᠤᠭ ᠢ ᠲᠤᠰᠬᠤᠨ ᠤ ᠬᠠᠮᠳᠤ ᠨᠡᠶᠢᠳᠡ ᠲᠡᠰ ᠲᠠᠷᠠᠭᠠᠯᠠᠯ ᠶᠤᠰᠤᠭᠠᠷ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ ᠬᠠᠮᠢᠶᠠᠷᠤᠯᠳᠠ ᠶᠢᠨ ᠠᠵᠢᠯᠳᠠᠨ ᠢ ᠲᠤᠭᠳᠠᠭᠠᠵᠤ ᠪᠤᠯᠤᠨ᠎ᠠ᠂ ᠤᠰᠤᠨ ᠤ ᠦᠨ᠎ᠡ ᠶᠢ ᠰᠡᠯᠪᠢᠨ ᠵᠠᠰᠠᠬᠤ ᠰᠦᠢᠳᠭᠡᠯ᠂ ᠴᠠᠬᠢᠯᠭᠠᠨ ᠤ ᠦᠨ᠎ᠡ ︵ᠬᠦᠳᠡᠯᠬᠡᠬᠦ ᠬᠦᠴᠦᠨ ᠤ ᠰᠦᠢᠳᠬᠡᠯ ᠠᠴᠠ ᠵᠠᠷᠤᠳᠠᠯ ᠪᠤᠯᠭᠠᠵᠤ ᠪᠤᠯᠤᠨ᠎ᠠ︶ ᠠᠵᠢᠯᠲᠠᠨ ᠤ ᠴᠠᠯᠢᠩ᠂ ᠬᠠᠮᠢᠶᠠᠷᠤᠯᠲᠠ ᠶᠢᠨ ᠵᠠᠷᠤᠳᠠᠯ ᠤᠨ ᠪᠦᠷᠢᠯᠳᠦᠯ ᠂ ᠬᠠᠮᠤᠭ ᠤᠨ ᠥᠨᠳᠥᠷ ᠬᠢᠵᠠᠭᠠᠷ ᠦᠨ᠎ᠡ ᠨᠢ ᠨᠢᠭᠡ ᠲᠥᠭᠦᠷᠢᠭ / ᠭᠷᠠᠳᠦ᠋ᠰ ᠪᠣᠯᠤᠨ᠎ᠠ᠃    ︵ᠬᠤᠶᠠᠷ ︶᠂ ᠤᠯᠤᠰ ᠤᠨ ᠪᠡᠯᠡ ᠤᠷᠤᠭᠤᠯᠤᠯᠳᠠ ᠪᠤᠶᠤ ᠲᠤᠰᠬᠤᠨ ᠤ ᠬᠠᠮᠳᠤ ᠶᠢᠨ ᠪᠡᠯᠡ ᠤᠷᠤᠭᠤᠯᠵᠤ ᠪᠠᠶᠢᠭᠤᠯᠤᠭᠰᠠᠨ ᠬᠦᠳᠡᠭᠡ ᠲᠤᠰᠬᠤᠨ ᠤ ᠤᠰᠤᠯᠠᠯᠳᠠ ᠶᠢᠨ ᠮᠠᠰᠢᠨ ᠴᠠᠬᠢᠯᠭᠠᠨ ᠬᠤᠳᠳᠤᠭ ᠢ ᠲᠤᠰᠬᠤᠨ ᠤ ᠬᠠᠮᠳᠤ ᠨᠡᠶᠢᠳᠡ ᠲᠡᠰ ᠲᠠᠷᠠᠭᠠᠯᠠᠯ ᠶᠤᠰᠤᠭᠠᠷ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ ᠭᠠᠳᠠᠭᠰᠢ ᠢᠯᠡ ᠪᠠᠷ ᠳᠠᠭᠠᠭᠠᠴᠢᠯᠠᠭᠤᠯᠵᠤ ᠪᠤᠯᠤᠨ᠎ᠠ᠂ ᠤᠰᠤᠨ ᠤ ᠦᠨ᠎ᠡ ᠶᠢ ᠰᠡᠯᠪᠢᠨ ᠵᠠᠰᠠᠬᠤ ᠰᠦᠢᠳᠭᠡᠯ᠂ ᠴᠠᠬᠢᠯᠭᠠᠨ ᠤ ᠦᠨ᠎ᠡ ︵ᠬᠦᠳᠡᠯᠭᠡᠬᠦ ᠬᠦᠴᠦᠨ ᠤ ᠰᠦᠢᠳᠬᠡᠯ︶︶ ᠠᠵᠢᠯᠲᠠᠨ ᠤ ᠴᠠᠯᠢᠩ᠂ ᠬᠠᠮᠢᠶᠠᠷᠤᠯᠲᠠ ᠶᠢᠨ ᠵᠠᠷᠤᠳᠠᠯ ᠤᠨ ᠪᠦᠷᠢᠯᠳᠦᠯ ᠂ ᠬᠠᠮᠤᠭ ᠤᠨ ᠥᠨᠳᠥᠷ ᠬᠢᠵᠠᠭᠠᠷ ᠦᠨ᠎ᠡ ᠨᠢ ᠨᠢᠭᠡ ᠲᠥᠭᠦᠷᠢᠭ / ᠭᠷᠠᠳᠦ᠋ᠰ ᠪᠣᠯᠤᠨ᠎ᠠ᠃    ︵ᠭᠤᠷᠪᠠ ︶᠂ ᠤᠯᠤᠰ ᠠᠴᠠ ᠪᠡᠯᠡ ᠣᠷᠣᠭᠤᠯᠤᠭᠰᠠᠨ ᠪᠠ ᠨᠡᠶᠢᠭᠡᠮ ᠤᠨ ᠪᠡᠯᠡ ᠣᠷᠣᠭᠤᠯᠤᠯᠲᠠ ︵ᠨᠡᠶᠢᠭᠡᠮ ᠤᠨ ᠪᠡᠯᠡ ᠣᠷᠣᠭᠤᠯᠤᠯᠲᠠ ᠳᠤ ᠬᠠᠮᠲᠤ ᠶᠢᠨ ᠪᠡᠯᠡ ᠣᠷᠣᠭᠤᠯᠤᠯᠲᠠ ᠪᠤᠶᠤ ᠬᠤᠪᠢ ᠬᠥᠮᠦᠨ ᠪᠡᠯᠡ ᠣᠷᠣᠭᠤᠯᠬᠤ ᠶᠢ ᠪᠠᠭᠲᠠᠭᠠᠨ᠎ᠠ︶ ᠬᠤᠳᠳᠤᠭ ᠮᠠᠯᠲᠠᠵᠤ ᠢᠵᠢ ᠪᠦᠷᠢᠳᠦᠭᠦᠯᠦᠭᠰᠡᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤᠨ ᠤ ᠦᠨ᠎ᠡ ᠶᠢ ᠡᠯᠡᠭᠳᠡᠯ ᠤᠨ ᠰᠦᠢᠳᠬᠡᠯ᠂ ᠰᠡᠯᠪᠢᠨ ᠵᠠᠰᠠᠬᠤ ᠰᠦᠢᠳᠬᠡᠯ᠂ ᠴᠠᠬᠢᠯᠭᠠᠨ ᠤ ᠦᠨ᠎ᠡ ︵ᠬᠥᠳᠡᠯᠭᠡᠬᠦ ᠬᠦᠴᠦᠨ ᠤ ᠰᠦᠢᠳᠬᠡᠯ︶᠂ ᠠᠰᠢᠭ ᠬᠤᠨᠵᠢᠪᠣᠷᠢ ᠪᠠᠷ ᠪᠦᠷᠢᠯᠳᠦᠭᠦᠯᠵᠦ᠂ ᠬᠠᠮᠤᠭ ᠤᠨ ᠥᠨᠳᠥᠷ ᠲᠡᠭᠡᠨ 1.1 ᠲᠥᠭᠦᠷᠢᠭ / ᠭᠷᠠᠳᠦ᠋ᠰ ᠪᠣᠯᠤᠨ᠎ᠠ᠃ ᠤᠯᠤᠰ ᠤᠨ ᠪᠡᠯᠡ ᠣᠷᠤᠭᠤᠯᠤᠯᠲᠠ ᠨᠢ ᠶᠡᠷᠦᠩᠬᠡᠢ ᠪᠡᠯᠡ ᠣᠷᠤᠭᠤᠯᠤᠯᠲᠠ ᠶᠢᠨ 50% ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠬᠠᠮᠤᠭ ᠦᠨᠳᠦᠷ ᠬᠢᠵᠠᠭᠠᠷᠯᠠᠯ ᠤᠨ ᠦᠨ᠎ᠡ ᠨᠢ 1.05 ᠲᠦᠭᠦᠷᠢᠭ / ᠭᠷᠠᠳᠦ᠋ᠰ ︔ ᠤᠯᠤᠰ ᠤᠨ ᠪᠡᠯᠡ ᠣᠷᠤᠭᠤᠯᠤᠯᠲᠠ ᠨᠢ 50% ᠠᠴᠠ ᠳᠣᠣᠷ᠎ᠠ ︵ᠳᠠᠷᠤᠢ ᠨᠡᠶᠢᠭᠡᠮ ᠤᠨ ᠪᠡᠯᠡ ᠣᠷᠤᠭᠤᠯᠤᠯᠲᠠ ᠨᠢ 50% ᠠᠴᠠ ᠳᠠᠪᠠᠨ᠎ᠠ︶ ᠬᠠᠮᠤᠭ ᠥᠨᠳᠥᠷ ᠦᠨ᠎ᠡ ᠨᠢ 1.1 ᠲᠥᠭᠦᠷᠢᠭ / ᠭᠷᠠᠳᠦ᠋ᠰ᠃    ︵ᠳᠥᠷᠪᠡ ︶᠂ ᠨᠡᠶᠢᠭᠡᠮ ᠤᠨ ᠪᠡᠯᠡ ᠣᠷᠣᠭᠤᠯᠤᠯᠲᠠ ︵ᠬᠤᠪᠢ ᠬᠥᠮᠦᠨ ᠤ ᠬᠤᠪᠢ ᠣᠷᠣᠭᠤᠯᠬᠤ ᠳᠦᠷᠢᠮ ᠢᠶᠠᠷ ᠪᠡᠯᠡ ᠴᠤᠭᠯᠠᠭᠤᠯᠬᠤ ᠪᠤᠶᠤ ᠬᠤᠪᠢ ᠬᠥᠮᠦᠨ ᠪᠡᠯᠡ ᠣᠷᠣᠭᠤᠯᠬᠤ ᠪᠠᠭᠲᠠᠨ᠎ᠠ︶ ᠬᠤᠳᠳᠤᠭ ᠮᠠᠯᠲᠠᠵᠤ ᠢᠵᠢ ᠪᠦᠷᠢᠳᠦᠭᠰᠡᠨ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤᠨ ᠤ ᠦᠨ᠎ᠡ ᠨᠢ ᠡᠯᠡᠭᠳᠡᠯ ᠤᠨ ᠵᠠᠷᠤᠳᠠᠯ᠂ ᠰᠡᠯᠪᠢᠨ ᠵᠠᠰᠠᠬᠤ ᠵᠠᠷᠤᠳᠠᠯ᠂ ᠴᠠᠬᠢᠯᠭᠠᠨ ᠤ ᠦᠨ᠎ᠡ ︵ᠬᠥᠳᠡᠯᠭᠡᠭᠴᠢ ᠬᠦᠴᠦᠨ ᠤ ᠵᠠᠷᠤᠳᠠᠯ︶᠂ ᠠᠰᠢᠭ ᠬᠤᠨᠵᠢᠪᠤᠷᠢ ᠪᠠᠷ ᠪᠦᠷᠢᠯᠳᠦᠨ᠎ᠡ᠃ ᠤᠰᠤᠨ ᠤ ᠦᠨ᠎ᠡ ᠶᠢ ᠬᠠᠷᠢᠶ᠎ᠠ ᠭᠠᠵᠠᠷ ᠤᠨ ᠭᠠᠴᠠᠭᠠᠨ ᠤ ᠵᠥᠪᠯᠡᠯ ᠠᠴᠠ ᠪᠡᠯᠡ ᠣᠷᠣᠭᠤᠯᠬᠤ ᠡᠲᠡᠭᠡᠳ ᠢ ᠵᠣᠬᠢᠶᠠᠨ ᠪᠠᠶᠢᠭᠤᠯᠵᠤ ᠤᠰᠤ ᠬᠡᠷᠡᠭᠯᠡᠬᠦ ᠡᠷᠦᠬᠡ ᠯᠦᠭᠡ ᠵᠥᠪᠳᠡᠯᠴᠡᠵᠦ ᠪᠠᠶᠢᠭᠠᠳ ᠦᠨ᠎ᠡ ᠲᠣᠭᠲᠠᠭᠠᠵᠤ᠂ ᠵᠠᠰᠠᠭ ᠤᠨ ᠣᠷᠳᠣᠨ ᠤ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ ︵1.1 ᠲᠥᠭᠦᠷᠢᠭ / ᠭᠷᠠᠳᠦ᠋ᠰ ᠠᠴᠠ ᠬᠡᠲᠦᠷᠡᠭᠦᠯᠵᠦ ᠪᠣᠯᠬᠤ ᠦᠭᠡᠢ︶ 20%᠂ ᠳᠠᠷᠤᠶ 1.32 ᠲᠥᠭᠦᠷᠢᠭ / ᠭᠷᠠᠳᠦ᠋ᠰ ᠠᠴᠠ ᠬᠡᠲᠦᠷᠡᠭᠦᠯᠵᠦ ᠪᠣᠯᠬᠤ ᠦᠭᠡᠶ᠃ ᠡᠭᠦᠨ ᠤ ᠬᠠᠮᠲᠤ᠂ ᠡᠴᠦᠰ ᠤᠨ ᠤᠰᠤᠨ ᠤ ᠦᠨ᠎ᠡ ᠶᠢ ᠡᠷᠬᠡᠪᠰᠢ ᠲᠣᠰᠬᠤᠨ ᠤ ᠬᠤᠶᠠᠷ ᠵᠥᠪᠯᠡᠯ ᠤᠨ ᠬᠤᠷᠠᠯ ᠪᠣᠯᠤᠨ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢᠶᠠᠷ ᠪᠠᠲᠤᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃     ᠠᠷᠪᠠᠨ ᠲᠠᠪᠤᠳᠤᠭᠠᠷ ᠵᠦᠢᠯ᠂ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ᠨᠢᠭᠡᠨᠲᠡ ᠤᠰᠤᠨ ᠤ ᠬᠡᠮᠵᠢᠭᠦᠷ ᠤᠭᠰᠠᠷᠠᠭᠰᠠᠨ ᠪᠣᠯ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤᠯᠠᠯᠲᠠ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠭᠦᠢᠴᠡᠳᠬᠡᠯ ᠲᠤᠭ᠎ᠠ 118 ᠪᠣᠰᠤᠭ᠎ᠠ ᠳᠥᠷᠪᠡᠯᠵᠢᠨ ᠮᠧᠲᠷ / ᠮᠦ ᠪᠠᠶᠢᠵᠤ᠂ ᠬᠢᠵᠠᠭᠠᠷᠯᠠᠭᠰᠠᠨ ᠲᠤᠭ᠎ᠠ ᠪᠠᠷ ᠤᠰᠤ ᠬᠡᠷᠡᠭᠯᠡᠬᠦ ᠶᠢ ᠬᠡᠷᠡᠭᠵᠢᠭᠦᠯᠵᠦ᠂ ᠬᠢᠵᠠᠭᠠᠷᠯᠠᠭᠰᠠᠨ ᠲᠤᠭ᠎ᠠ ᠳᠠᠬᠢ ᠤᠰᠤᠯᠠᠯᠲᠠ ᠶᠢᠨ ᠤᠰᠤ ᠬᠡᠷᠡᠭᠯᠡᠬᠦ ᠳᠤ ᠥᠪᠡᠷ ᠤᠨ ᠥᠷᠲᠡᠭ ᠤᠨ ᠤᠰᠤᠨ ᠤ ᠦᠨ᠎ᠡ ᠶᠢ ᠬᠡᠷᠡᠭᠵᠢᠭᠦᠯᠵᠦ᠂ ᠬᠡᠲᠦ ᠬᠡᠷᠡᠭᠯᠡᠬᠦ ᠳᠤ ᠦᠨ᠎ᠡ ᠥᠰᠬᠡᠭᠰᠡᠨ ᠤᠰᠤᠨ ᠤ ᠦᠨ᠎ᠡ ᠶᠢᠨ ᠳᠦᠷᠢᠮ ᠢ ᠬᠡᠷᠡᠭᠵᠢᠭᠦᠯᠦᠨ᠎ᠡ᠃ ᠬᠢᠵᠠᠭᠠᠷᠯᠠᠭᠰᠠᠨ ᠲᠤᠭ᠎ᠠ ᠠᠴᠠ ᠳᠠᠪᠠᠭᠤᠯᠤᠨ ᠤᠰᠤ ᠬᠡᠷᠡᠭᠯᠡᠭᠰᠡᠨ ᠬᠡᠮᠵᠢᠶ᠎ᠡ ᠨᠢ 20% ︵ᠪᠠᠭᠲᠠᠭᠠᠨ᠎ᠠ︶ ᠳᠣᠲᠣᠷ᠎ᠠ ᠪᠠᠶᠢᠪᠠᠯ᠂ ᠬᠡᠲᠦᠷᠡᠭᠰᠡᠨ ᠬᠡᠰᠡᠭ ᠤᠰᠤᠨ ᠤ ᠦᠨ᠎ᠡ ᠶᠢᠨ ᠦᠨ᠎ᠡ ᠨᠡᠮᠡᠬᠦ ᠪᠠᠷᠢᠮᠵᠢᠶ᠎ᠠ ᠨᠢ ᠬᠢᠵᠠᠭᠠᠷᠯᠠᠭᠰᠠᠨ ᠲᠤᠭ᠎ᠠ ᠶᠢᠨ ᠤᠰᠤᠨ ᠤ ᠦᠨ᠎ᠡ ᠶᠢᠨ 0.5 ᠳᠠᠬᠢᠨ ᠪᠣᠯᠤᠨ᠎ᠠ᠂ 20% — 50% ︵ᠪᠠᠭᠲᠠᠭᠠᠨ᠎ᠠ︶ ᠶᠢᠨ ᠳᠣᠲᠣᠷ᠎ᠠ ᠪᠠᠶᠢᠪᠠᠯ᠂ ᠬᠡᠲᠦᠷᠡᠭᠰᠡᠨ ᠬᠡᠰᠡᠭ ᠤᠰᠤᠨ ᠤ ᠦᠨ᠎ᠡ ᠶᠢᠨ ᠦᠨ᠎ᠡ ᠨᠡᠮᠡᠬᠦ ᠪᠠᠷᠢᠮᠵᠢᠶ᠎ᠠ ᠨᠢ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠤᠰᠤᠨ ᠤ ᠦᠨ᠎ᠡ ᠶᠢᠨ 1 ᠳᠠᠬᠢᠨ ᠪᠣᠯᠤᠨ᠎ᠠ︔ 50% ᠠᠴᠠ ᠳᠡᠭᠡᠭᠰᠢ ᠪᠣᠯ᠂ ᠬᠡᠲᠦᠷᠡᠭᠰᠡᠨ ᠬᠡᠰᠡᠭ ᠤᠰᠤᠨ ᠤ ᠦᠨ᠎ᠡ ᠶᠢᠨ ᠦᠨ᠎ᠡ ᠨᠡᠮᠡᠬᠦ ᠪᠠᠷᠢᠮᠵᠢᠶ᠎ᠠ ᠨᠢ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠤᠰᠤᠨ ᠤ ᠦᠨ᠎ᠡ ᠶᠢᠨ 2 ᠳᠠᠬᠢᠨ ᠪᠣᠯᠤᠨ᠎ᠠ᠃ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠤᠰᠤᠨ ᠤ ᠰᠦᠢᠳᠬᠡᠯ ᠢ ᠨᠡᠮᠡᠭᠡᠳ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠠᠴᠠ ᠨᠢᠭᠡᠳᠦᠯᠲᠡᠢ ᠲᠥᠯᠥᠪᠵᠢᠭᠦᠯᠦᠨ ᠤᠰᠤ ᠠᠷᠪᠢᠯᠠᠬᠤ ᠱᠠᠩᠨᠠᠯ ᠵᠡᠷᠭᠡ ᠳᠤ ᠬᠡᠷᠡᠭᠯᠡᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠰᠡᠨ ᠴᠦ ᠪᠣᠯᠣᠨ᠎ᠠ᠂ ᠪᠤᠰᠤᠳ ᠬᠡᠷᠡᠭᠴᠡᠭᠡ ᠠᠴᠠ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ ᠡᠷᠬᠡᠪᠰᠢ ᠲᠠᠷᠢᠶᠠᠯᠠᠩ ᠤᠨ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠵᠤ᠂ ᠤᠰᠤᠨ ᠤ ᠦᠨ᠎ᠡ ᠶᠢᠨ ᠬᠥᠰᠢᠭᠦᠷᠭᠡ ᠶᠢ ᠠᠰᠢᠭᠯᠠᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠠᠷᠪᠢᠯᠠᠨ ᠭᠠᠮᠨᠠᠬᠤ ᠬᠡᠷᠡᠭᠲᠡᠶ᠃    ᠠᠷᠪᠠᠨ ᠵᠢᠷᠭᠤᠳᠤᠭᠠᠷ ᠵᠦᠢᠯ᠂ ᠪᠥᠬᠦ ᠬᠤᠰᠢᠭᠤᠨ ᠤ ᠬᠡᠪᠴᠢᠶᠡᠨ ᠳᠠᠬᠢ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠡᠷᠬᠡᠪᠰᠢ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠣᠭᠲᠠᠭᠠᠬᠤ ᠶᠢᠨ ᠬᠠᠮᠲᠤ ᠲᠣᠰᠬᠤᠨ ᠤ ᠠᠷᠠᠳ ᠤᠨ ᠵᠥᠪᠯᠡᠯ ᠤᠨ ᠵᠠᠷᠯᠠᠨ ᠨᠡᠶᠢᠲᠡᠯᠡᠵᠦ᠂ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠣᠨᠳᠣᠣ ᠰᠠᠨᠠᠯ ᠦᠭᠡᠢ ᠪᠣᠯ ᠬᠠᠷᠢᠶ᠎ᠠ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠳᠤ ᠮᠡᠳᠡᠭᠦᠯᠵᠦ ᠬᠢᠨᠠᠨ ᠬᠠᠷᠭᠤᠭᠤᠯᠵᠤ ᠳᠠᠩᠰᠠᠯᠠᠭᠤᠯᠵᠤ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠪᠠᠷ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃    ᠠᠷᠪᠠᠨ ᠳᠣᠯᠣᠳᠤᠭᠠᠷ ᠵᠦᠢᠯ᠂ ᠤᠰᠤ ᠬᠡᠷᠡᠭᠯᠡᠬᠦ ᠡᠷᠦᠬᠡ ᠤᠰᠤᠨ ᠤ ᠰᠦᠢᠳᠬᠡᠯ ᠢᠶᠠᠨ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠲᠤᠰᠢᠶᠠᠬᠤ ᠬᠡᠷᠡᠭᠲᠡᠶ᠂ ᠶᠠᠮᠠᠷᠪᠠ ᠰᠠᠯᠠᠭ᠎ᠠ ᠮᠥᠴᠢᠷ ᠪᠠ ᠬᠤᠪᠢ ᠬᠥᠮᠦᠨ ᠭᠡᠳ ᠶᠠᠮᠠᠷᠪᠠ ᠠᠷᠭ᠎ᠠ ᠮᠠᠶ᠋ᠢᠭ ᠢᠶᠠᠷ ᠤᠰᠤ ᠬᠠᠩᠭᠠᠬᠤ ᠨᠢᠭᠡᠴᠡ ᠶᠢᠨ ᠦᠨ᠎ᠡ ᠲᠥᠯᠥᠪᠦᠷᠢ ᠦᠭᠡᠶ ᠪᠠᠷ ᠤᠰᠤ ᠬᠠᠩᠭᠠᠬᠤ ᠶᠢ ᠵᠠᠷᠯᠢᠭᠳᠠᠵᠤ ᠪᠣᠯᠬᠤ ᠦᠭᠡᠶ᠃    ᠠᠷᠪᠠᠨ ᠨᠠᠢᠮᠠᠳᠤᠭᠠᠷ ᠵᠦᠢᠯ ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠣᠤᠷ᠎ᠠ ᠨᠢᠭᠡ ᠵᠢᠯ ᠤᠨ ᠬᠠᠷᠢᠶ᠎ᠠ ᠣᠷᠣᠨ ᠤ ᠳᠣᠲᠣᠷᠠᠬᠢ ᠡᠯ᠎ᠡ ᠬᠥᠳᠡᠭᠡ ᠲᠣᠰᠬᠤᠨ ᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠬᠡᠷᠡᠭᠯᠡᠬᠦ ᠲᠥᠯᠥᠪᠯᠡᠭᠡ ᠳᠤ ᠮᠡᠳᠡᠭᠦᠯᠬᠦ ᠬᠡᠷᠡᠭᠲᠡᠶ᠃     ᠳᠥᠷᠪᠡᠳᠦᠭᠡᠷ ᠪᠦᠯᠦᠭ ᠂ ᠬᠠᠤᠯᠢ ᠴᠠᠭᠠᠵᠠ ᠶᠢᠨ ᠬᠠᠷᠢᠭᠤᠴᠠᠯᠭ᠎ᠠ    ᠠᠷᠪᠠ ᠶᠢᠰᠦᠳᠦᠭᠡᠷ ᠵᠦᠢᠯ ᠂ ᠤᠰᠤ ᠬᠤᠯᠠᠭᠠᠶᠢᠯᠠᠬᠤ᠂ ᠮᠠᠰᠢᠨ ᠴᠠᠬᠢᠯᠭᠠᠨ ᠬᠤᠳᠳᠤᠭ ᠪᠠ ᠳᠠᠭᠠᠯᠲᠠ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠬᠤ᠂ ᠡᠪᠳᠡᠬᠦ ᠵᠢᠴᠢ ᠤᠰᠤᠨ ᠤ ᠡᠬᠢ ᠰᠤᠷᠪᠤᠯᠵᠢ ᠶᠢ ᠡᠪᠳᠡᠬᠦ ᠨᠢᠭᠡᠴᠡ ᠪᠠ ᠬᠤᠪᠢ ᠬᠥᠮᠦᠨ ᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠨ᠎ᠠ︔ ᠬᠤᠬᠢᠷᠠᠯ ᠤᠴᠠᠷᠠᠭᠤᠯᠤᠭᠰᠠᠨ ᠪᠣᠯ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠲᠣᠭᠠᠴᠠᠭᠳᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢᠳᠤᠭᠠᠷ ᠵᠦᠢᠯ ᠂ ᠤᠰᠤ ᠬᠠᠩᠭᠠᠬᠤ ᠤᠰᠤᠨ ᠤ ᠦᠨ᠎ᠡ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠤᠰᠤ ᠲᠠᠯᠪᠢᠬᠤ ᠪᠠ ᠲᠠᠯᠪᠢᠵᠤ ᠢᠳᠡᠬᠦ ᠠᠪᠬᠤ ᠺᠠᠷᠲ ᠠᠪᠬᠤ ᠬᠠᠮᠢᠶᠠᠷᠤᠯᠲᠠ ᠶᠢᠨ ᠨᠢᠭᠡᠴᠡ ᠪᠤᠶᠤ ᠠᠵᠢᠯᠲᠠᠨ ᠳᠤ ᠬᠠᠤᠯᠢ ᠪᠤᠰᠤ ᠣᠯᠵᠠᠪᠤᠷᠢ ᠶᠢ ᠨᠢ ᠬᠤᠷᠢᠶᠠᠮᠵᠢᠯᠠᠬᠤ ᠶᠢᠨ ᠬᠠᠮᠲᠤ᠂ ᠬᠠᠤᠯᠢ ᠴᠠᠭᠠᠵᠠ ᠶᠢᠨ  ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ  ᠰᠢᠢᠳᠪᠦᠷᠢᠯᠡᠭᠦᠯᠬᠦ ᠬᠡᠷᠡᠭᠲᠡᠶ᠃    ᠲᠠᠪᠤᠳᠤᠭᠠᠷ ᠪᠦᠯᠦᠭ ᠂ ᠳᠠᠭᠠᠯᠳᠤᠭᠤᠯᠤᠯ ᠳᠦᠷᠢᠮ    ᠬᠤᠷᠢᠨ ᠨᠢᠭᠡᠳᠦᠭᠡᠷ ᠵᠦᠢᠯ ᠂  ᠲᠣᠰ ᠠᠷᠭ᠎ᠠ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃    ᠬᠤᠷᠢᠨ ᠬᠤᠶᠠᠳᠤᠭᠠᠷ ᠵᠦᠢᠯ  ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠯᠪᠣᠭᠳᠠᠯ ᠪᠦᠬᠦᠢ  ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号