ᠪᠠᠶᠢᠰᠡ ᠶᠢᠨ ᠬᠤᠷᠢᠶ᠎ᠠ ᠪᠠᠯᠭᠠᠰᠤ᠄ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠠᠯᠠᠭᠤ ᠨᠠᠰᠤᠨ ᠤ ᠦᠰᠦᠨ ᠪᠤᠶᠢᠵᠢᠯᠲᠠ ᠶᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/6/24
      ᠰᠢ ᠶᠢᠨ ᠫᠢᠩ ᠶᠡᠷᠦᠩᠬᠡᠶ ᠱᠦᠵᠢ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ︽ᠬᠠᠤᠯᠢ ᠪᠠᠷ ᠵᠠᠰᠠᠬᠤ ᠥᠪᠥᠷ ᠮᠣᠩᠭᠤᠯ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠠᠵᠢᠯᠯᠠᠭ᠎ᠠ︾᠂ ︽ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾ ᠲᠠᠢ  ᠤᠶᠠᠯᠳᠤᠭᠤᠯᠵᠤ ᠂ 6 ᠰᠠᠷ᠎ᠠ ᠶᠢᠨ 20 ᠤ ᠡᠳᠦᠷ᠂ ᠪᠠᠶᠢᠰᠡ ᠶᠢᠨ ᠬᠤᠷᠢᠶ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ᠂ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠨ ᠵᠠᠰᠠᠬᠤ ᠤᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠪᠠᠶᠢᠰᠡ ᠶᠢᠨ ᠬᠤᠷᠢᠶ᠎ᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠡᠮ ᠤᠨ ᠵᠦᠢᠯᠡᠰ ᠵᠡᠷᠭᠡ ᠰᠢᠨᠤᠯ ᠲᠠᠢ ᠬᠤᠯᠪᠣᠭᠳᠠᠭᠰᠠᠨ ᠪᠣᠳᠠᠰ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ ᠲᠤᠰᠬᠠᠢ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠳᠤ ᠠᠤᠬᠠᠨ ᠬᠤᠰᠢᠭᠤᠨ ᠤ ᠬᠤᠤᠷ ᠴᠠᠭᠠᠵᠠᠯᠠᠬᠤ ᠶᠡᠭᠡ ᠠᠩᠭᠢ ᠶᠢᠨ ᠳᠠᠷᠤᠭ᠎ᠠ ᠪᠢ ᠭᠦᠸᠧ ᠾᠦᠢ ᠶᠢ ᠲᠤᠰᠬᠠᠶᠢᠯᠠᠨ ᠤᠷᠢᠵᠤ ᠪᠠᠶᠢᠰᠡ ᠶᠢᠨ ᠬᠤᠷᠢᠶ᠎ᠠ ᠪᠠᠯᠭᠠᠰᠤᠨ ᠤ ᠥᠷᠭᠡᠨ ᠣᠯᠠᠨ ᠵᠠᠯᠠᠭᠤᠴᠤᠳ ᠪᠠᠭᠠᠴᠤᠳ ᠰᠤᠷᠤᠭᠴᠢᠳ ᠲᠤ ᠪᠡᠶ᠎ᠡ ᠪᠠᠷ ᠢᠶᠠᠨ ᠶᠠᠷᠢᠶ᠎ᠠ ᠲᠠᠯᠪᠢᠵᠤ᠂ ᠪᠠᠶᠢᠰᠡ ᠶᠢᠨ ᠬᠤᠷᠢᠶ᠎ᠠ ᠪᠠᠯᠭᠠᠰᠤᠨ ᠤ ᠳᠤᠮᠳᠠᠳᠤ ᠰᠤᠷᠭᠠᠭᠤᠯᠢ ᠶᠢᠨ 400 ᠰᠢᠬᠠᠮ ᠰᠣᠷᠣᠭᠴᠢ ᠣᠷᠣᠯᠴᠠᠵᠠᠶ᠃ ᠠᠵᠢᠯᠯᠠᠭ᠎ᠠ ᠶᠢᠨ ᠳᠤᠮᠳᠠ᠂ ᠪᠢ ᠭᠦᠸᠧ ᠾᠦᠢ ᠳᠠᠷᠤᠭ᠎ᠠ ᠰᠤᠷᠤᠭᠴᠢᠳ ᠲᠤ ᠪᠠᠶᠢᠩᠭᠤ ᠲᠣᠬᠢᠶᠠᠯᠳᠤᠳᠠᠭ ᠬᠤᠤᠷᠲᠤ ᠡᠳ᠋ ᠤᠨ ᠲᠥᠷᠥᠯ ᠵᠦᠢᠯ ᠢ ᠭᠤᠤᠯᠳᠠᠯᠭ᠎ᠠ ᠲᠠᠢ ᠶᠠᠷᠢᠵᠤ ᠥᠭᠭᠦᠭᠰᠡᠨ ᠪᠥᠭᠡᠳ ᠪᠣᠳᠠᠲᠤ ᠪᠣᠳᠠᠰ ᠤᠨ ᠬᠡᠷᠡᠯ ᠵᠢᠷᠤᠭ ᠢ ᠢᠯᠭᠠᠨ ᠲᠠᠨᠢᠬᠤ ᠳᠤ ᠬᠠᠩᠭᠠᠪᠠ︔ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠦᠷᠭᠦᠯᠵᠢ ᠲᠣᠬᠢᠶᠠᠯᠳᠤᠳᠠᠭ ᠬᠤᠤᠷᠲᠤ ᠡᠳ᠋ ᠤᠨ ᠬᠠᠭᠤᠷᠮᠠᠭ ᠢ ᠭᠦᠨᠵᠡᠭᠡᠶ ᠢᠯᠡᠷᠡᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠬᠤᠤᠷᠲᠤ ᠡᠳ᠋ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠢ ᠪᠣᠯᠭᠤᠮᠵᠢᠲᠠᠶ ᠨᠠᠶᠢᠵᠠᠯᠠᠵᠤ᠂ ᠥᠪᠡᠷ ᠢ ᠪᠠᠨ ᠱᠠᠭᠠᠷᠳᠠᠵᠤ᠂ ᠰᠤᠷᠤᠯᠴᠠᠯᠭ᠎ᠠ ᠠᠮᠢᠳᠤᠷᠠᠯ ᠤᠨ ᠳᠤᠮᠳᠠ ᠵᠥᠪ ᠬᠥᠮᠦᠨ ᠤ ᠦᠵᠡᠯᠲᠡ᠂ ᠥᠷᠲᠡᠭ ᠤᠨ ᠦᠵᠡᠯᠲᠡ ᠶᠢ ᠪᠣᠶ ᠪᠣᠯᠭᠠᠵᠤ᠂ ᠪᠣᠬᠢᠷᠲᠤᠯ ᠦᠭᠡᠢ ᠬᠤᠤᠷ ᠥᠬᠡᠶ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠰᠠᠨᠠᠭᠤᠯᠪᠠ᠃ ᠬᠠᠮᠤᠭ ᠰᠡᠭᠦᠯ ᠳᠤ ᠂ ᠥᠷᠭᠡᠨ ᠣᠯᠠᠨ ᠵᠠᠯᠠᠭᠤ ᠪᠠᠭ᠎ᠠ ᠰᠤᠷᠤᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠤᠷ ᠴᠠᠭᠠᠵᠠᠯᠠᠬᠤ ᠬᠠᠤᠯᠢ︾ ᠶᠢᠨ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠤᠤᠯᠳᠠᠯᠭ᠎ᠠ ᠲᠠᠢ ᠲᠦᠭᠡᠮᠡᠯᠵᠢᠭᠦᠯᠦᠨ ᠲᠠᠶᠢᠯᠪᠤᠷᠢᠯᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠰᠤᠷᠤᠭᠴᠢᠳ ᠲᠤ ᠬᠤᠤᠷᠲᠤ ᠡᠳ᠋ ᠢ ᠴᠠᠭᠠᠵᠠᠯᠠᠬᠤ ᠵᠢᠵᠢᠭ ᠮᠡᠳᠡᠯᠭᠡ ᠶᠢᠨ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠪᠠ᠃    ᠬᠤᠤᠷᠲᠤ ᠡᠳ᠋ ᠰᠠᠮᠠᠭᠤᠷᠠᠬᠤ ᠶᠢ ᠴᠠᠭᠠᠵᠠᠯᠠᠵᠤ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠲᠣᠰ ᠤᠳᠠᠭᠠᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠲᠤ ᠬᠤᠤᠷᠲᠤ ᠡᠳ᠋ ᠵᠢᠴᠢ ᠬᠤᠤᠷᠲᠤ ᠡᠳ᠋ ᠢ ᠴᠠᠭᠠᠵᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠵᠠᠯᠠᠭᠤᠴᠤᠳ ᠪᠠᠭᠠᠴᠤᠳ ᠢ ᠬᠠᠪᠰᠤᠷᠤᠨ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠡᠷᠡᠭᠦᠯ ᠴᠢᠭᠢᠷᠠᠭ ᠬᠥᠮᠦᠨ ᠤ ᠠᠮᠢᠳᠤᠷᠠᠯ᠂ ᠪᠣᠬᠢᠷᠲᠤᠯ ᠥᠬᠡᠶ ᠬᠤᠤᠷᠲᠤ ᠡᠳ᠋ ᠥᠬᠡᠶ ᠪᠠᠶᠢᠬᠤ︾ ᠣᠨᠣᠯᠵᠢᠬᠤᠨ ᠢ ᠤᠯᠠᠮ ᠨᠢᠭᠡ ᠠᠯᠬᠤᠮ ᠳᠥᠯᠭᠢᠨ  ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号