ᠮᠠᠨᠢᠬᠠᠨ ᠰᠢᠶᠠᠩ ᠨᠠᠮ ᠤᠨ ᠪᠠᠶᠢᠭᠤᠯᠤᠯᠲᠠ ᠶᠢᠨ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠬᠠᠮᠲᠤ ᠶᠢᠨ ᠴᠣᠭᠴᠠ ᠶᠢᠨ ᠵᠠᠭᠪᠤᠷ ᠢ ᠰᠦᠪᠡᠭᠴᠢᠯᠡᠵᠦ ᠠᠷᠠᠳ ᠢ ᠪᠠᠶᠠᠵᠢᠭᠤᠯᠤᠨ ᠲᠣᠰᠬᠤᠨ ᠢ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2024/6/24
    ᠤᠢᠢᠷ᠎ᠠ ᠶᠢᠨ ᠵᠢᠯ ᠠᠴᠠ᠂ ᠮᠠᠨᠢᠬᠠᠨ ᠰᠢᠶᠠᠩ ᠰᠢᠶᠠᠩ ᠤᠨ ᠳᠣᠲᠣᠷᠠᠬᠢ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠪᠣᠯᠤᠨ ᠠᠵᠤ ᠦᠢᠯᠡᠰ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠨᠠᠷᠢᠮᠤ᠂ ᠲᠦᠬᠦᠭᠡᠷᠦᠮᠵᠢᠳᠤ ᠲᠠᠷᠢᠶᠠᠯᠠᠩ᠂ ᠢᠳᠡᠰᠢᠨ ᠦᠬᠡᠷ ᠭᠤᠷᠪᠠᠨ ᠶᠡᠭᠡ ᠭᠤᠣᠯᠯᠠᠭᠴᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ︽ᠨᠠᠮ ᠤᠨ ᠪᠠᠶᠢᠭᠤᠯᠤᠯᠲᠠ ᠶᠢᠨ ᠠᠵᠤ ᠦᠢᠯᠡᠰ ᠤᠨ ᠬᠤᠯᠪᠣᠭᠠᠲᠤ ᠴᠣᠭᠴᠠ︾ ᠶᠢᠨ ᠪᠦᠬᠦ ᠲᠠᠯ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠤᠨ ᠪᠦᠷᠢᠯᠳᠦᠭᠦᠯᠵᠦ᠂ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠮ ᠴᠢᠨᠠᠭᠰᠢᠳᠠ ᠠᠬᠢᠭᠤᠯᠪᠠ᠃    ︽ᠠᠮᠤ  ᠪᠣᠳᠠᠭᠠᠨ︾  ᠳᠤ ᠲᠦᠰᠢᠭᠯᠡᠨ ᠂ ᠨᠠᠮ ᠤᠨ ᠪᠠᠶᠢᠭᠤᠯᠤᠯᠲᠠ  ᠶᠢᠨ ︽ᠳᠠᠷᠢᠬᠤ — ᠡᠳ᠋ᠰᠢᠭᠦᠯᠬᠦ — ᠡᠵᠡᠩᠨᠡᠨ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠪᠥᠬᠦ ᠠᠵᠤ  ᠦᠢᠯᠡᠰ ᠤᠨ ᠬᠡᠯᠬᠢᠶ᠎ᠡ ᠶᠢᠨ ᠵᠠᠭᠪᠤᠷ ᠢ ᠪᠠᠶᠢᠭᠤᠯᠤᠨ᠎ᠠ᠃ ᠬᠠᠷᠢᠶᠠᠲᠤ ᠣᠷᠣᠨ ᠳᠤ ᠣᠳᠣᠬᠠᠨ ᠳᠤ ᠣᠳᠣᠬᠢᠴᠢᠯᠠᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 3 ᠪᠠᠶᠢᠵᠤ᠂ ᠪᠣᠬᠢᠷᠲᠤᠯ ᠥᠬᠡᠶ ᠨᠠᠷᠢᠮᠤ ᠦᠢᠯᠡᠳᠪᠦᠷᠢᠯᠡᠬᠦ ᠰᠠᠭᠤᠷᠢᠨ ᠭᠠᠵᠠᠷ ᠢ 4045 ᠮᠥ ᠪᠠᠶᠢᠭᠤᠯᠵᠤ᠂ ᠵᠢᠯ ᠪᠦᠷᠢ 1.5 ᠲᠦᠮᠡᠨ ᠲᠣᠨ ᠨᠢᠭᠡᠳᠦᠭᠡᠷ ᠳᠡᠰ ᠤᠨ ᠨᠠᠷᠢᠮᠤ ᠪᠤᠳᠠᠭ᠎ᠠ ᠶᠢ ᠨᠢ ᠭᠠᠳᠠᠨ᠎ᠠ ᠣᠷᠣᠨ ᠳᠤ ᠪᠣᠷᠣᠯᠠᠭᠤᠯᠵᠤ ᠪᠠᠶᠢᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠵᠣᠬᠢᠶᠠᠨ ᠪᠠᠶᠢᠭᠤᠯᠤᠯᠲᠠ ᠶᠢᠨ ᠬᠤᠯᠪᠣᠯᠳᠤᠯ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠵᠤ ᠦᠢᠯᠡᠰ ᠢᠶᠠᠷ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ  ᠪᠦᠷᠢᠯᠳᠦᠭᠦᠯᠦᠨ᠎ᠡ᠃    ︽ᠣᠢ ᠰᠢᠭᠤᠢ ᠵᠢᠮᠢᠰ︾ ᠢᠶᠠᠷ ᠲᠤᠯᠭᠠᠭᠤᠷᠢᠯᠠᠯ ᠪᠣᠯᠭᠠᠵᠤ᠂ ᠰᠢᠶᠠᠩ ᠤᠨ ᠨᠠᠮ ᠤᠨ ᠬᠤᠷᠢᠶ᠎ᠠ ᠪᠣᠯᠤᠨ  ᠪᠠᠢ ᠯᠢᠦ ᠮᠠᠰᠢᠨ ᠮᠧᠬᠠᠨᠢᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠪᠠᠶᠢᠭᠤᠯᠤᠯᠲᠠ ᠪᠠᠷ ᠤᠢ ᠰᠢᠭᠤᠢ ᠵᠢᠮᠢᠰ ᠤᠨ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠤᠨ᠎ᠠ᠃ ︽ᠺᠣᠮᠫᠠᠨᠢ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠢ ᠠᠪᠴᠤ᠂ ︽332︾ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠡᠷᠦᠬᠡ ᠪᠦᠷᠢ 3 ᠫᠧᠩ ᠡᠵᠡᠩᠨᠡᠵᠦ᠂ ᠨᠢᠭᠡᠳᠦᠯᠲᠡᠶ ᠳᠠᠷᠢᠬᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠪᠣᠷᠣᠯᠠᠭᠤᠯᠬᠤ 3 ᠨᠢᠭᠡᠳᠦᠯᠲᠡᠶ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠠᠯ᠎ᠠ ᠪᠠᠷ ᠠᠵᠤ ᠠᠬᠤᠶᠢᠯᠠᠯ ᠬᠢᠭᠡᠳ ᠲᠠᠷᠢᠶᠠᠴᠢᠨ ᠡᠷᠦᠬᠡ ᠲᠣᠰ ᠪᠦᠷᠢ 1/2 ᠢ ᠡᠵᠡᠯᠡᠬᠦ ᠬᠠᠮᠲᠤᠷᠠᠯᠴᠠᠭᠠᠨ ᠤ ᠠᠷᠭ᠎ᠠ ᠮᠠᠶ᠋ᠢᠭ ᠢ ᠠᠪᠴᠤ᠂ 260 ᠭᠠᠷᠤᠶ ᠬᠥᠮᠦᠨ ᠤ ᠬᠦᠴᠦ ᠶᠠᠪᠤᠬᠤ ᠶᠢ ᠳᠠᠶᠢᠴᠢᠯᠠᠵᠤ᠂ ᠬᠥᠮᠦᠨ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠨᠢ 1.5 ᠲᠦᠮᠡᠨ ᠲᠥᠭᠦᠷᠢᠭ ᠪᠣᠯᠤᠨ᠎ᠠ᠃    ︽ᠦᠬᠡᠷ ᠤᠨ ᠦᠢᠯᠡᠰ︾ ᠢᠶᠠᠷ ᠭᠤᠣᠯ ᠪᠣᠯᠭᠠᠵᠤ᠂ ᠮᠠᠨᠢᠬᠠᠨ ᠰᠢᠶᠠᠩ ᠤᠨ ᠬᠠᠢ ᠴᠤᠸᠠᠩ ᠮᠠᠯ ᠠᠵᠤ ᠠᠬᠤᠢ ᠶᠢᠨ ᠲᠦᠮᠡᠨ ᠦᠬᠡᠷ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢ  ᠪᠠᠶᠢᠭᠤᠯᠤᠨ᠎ᠠ᠃ ᠱᠤᠸᠠᠩ ᠮᠢᠶᠣᠣ ᠲᠣᠰᠬᠤᠨ᠂ ᠫᠢᠩ ᠹᠠᠩ ᠲᠣᠰᠬᠤᠨ᠂ ᠱᠤᠸᠠᠩ ᠫᠢᠩ ᠲᠣᠰᠬᠤᠨ ᠢ ᠨᠥᠯᠥᠭᠡᠯᠡᠨ ᠳᠠᠶᠢᠴᠢᠯᠠᠵᠤ  ᠢᠳᠡᠰᠢᠨ ᠦᠬᠡᠷ ᠤᠨ ᠠᠵᠤ ᠦᠢᠯᠡᠰ ᠤᠨ ᠲᠥᠷᠥᠯ ᠵᠦᠢᠯ ᠢ ᠬᠦᠭᠵᠢᠭᠦᠯᠦᠨ᠎ᠡ᠃ 340 ᠲᠦᠮᠡᠨ ᠲᠥᠭᠦᠷᠢᠭ ᠤᠨ ᠪᠡᠯᠡ ᠣᠷᠣᠭᠤᠯᠵᠤ ᠱᠤᠸᠠᠩ ᠫᠢᠩ ᠲᠣᠰᠬᠤᠨ ᠤ ᠢᠳᠡᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠢ ᠪᠠᠶᠢᠭᠤᠯᠵᠤ᠂ ᠱᠤᠸᠠᠩ ᠫᠢᠩ ᠲᠣᠰᠬᠤᠨ ᠳᠤ 15 ᠲᠦᠮᠡᠨ ᠲᠥᠭᠦᠷᠢᠭ ᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠡᠮᠡᠭᠳᠡᠭᠦᠯᠬᠦ ᠶᠢᠨ ᠬᠠᠮᠲᠤ ᠲᠣᠰᠬᠤᠨ ᠤ ᠠᠷᠠᠳ ᠤᠨ ᠲᠤᠬᠠᠢ ᠶᠢᠨ ᠭᠠᠵᠠᠷ ᠤᠨ ᠤᠢᠢᠷ᠎ᠠ ᠬᠠᠪᠢ ᠳᠠᠭᠠᠨ ᠠᠵᠢᠯ ᠤᠯᠬᠤ ᠶᠢ  ᠳᠠᠶᠢᠴᠢᠯᠠᠨ᠎ᠠ᠃ ᠬᠠᠮᠲᠤ ᠶᠢᠨ ᠠᠵᠤ ᠠᠬᠤᠢ ᠶᠢᠨ ᠴᠢᠰᠤ ᠪᠦᠲᠦᠭᠡᠬᠦ ᠴᠢᠳᠠᠮᠵᠢ ᠶᠢ ᠴᠢᠩᠭᠠᠳᠬᠠᠵᠤ᠂ ︽ᠪᠦᠯᠬᠦᠮᠳᠡᠭᠰᠡᠨ ᠮᠠᠶ᠋ᠢᠭ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃    ᠣᠳᠣᠬᠠᠨ ᠳᠤ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠬᠥᠲᠥᠯᠥᠨ ᠳᠠᠭᠠᠭᠤᠯᠵᠤ ᠪᠦᠬᠦ ᠰᠢᠶᠠᠩ ᠢ ᠬᠠᠮᠤᠷᠴᠤ᠂ ᠬᠥᠳᠡᠭᠡ ᠲᠣᠰᠬᠤᠨ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠤᠯᠠᠮ ᠴᠢᠨᠠᠭᠰᠢᠳᠠ ᠴᠢᠩᠭᠠᠳᠬᠠᠵᠤ᠂ 2023 ᠣᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠶᠡᠷᠦᠩᠬᠡᠢ ᠣᠷᠣᠯᠭ᠎ᠠ 337.55 ᠲᠦᠮᠡᠨ ᠲᠥᠭᠦᠷᠢᠭ ᠲᠤ ᠬᠦᠷᠴᠦ᠂ ᠡᠭᠦᠨ ᠳᠤ ᠂ ᠼᠤᠤ ᠱᠧᠩ ᠶᠢᠩᠽᠢ ᠲᠣᠰᠬᠤᠨ᠂ ᠱᠤᠸᠠᠩ ᠮᠢᠶᠣᠣ ᠲᠣᠰᠬᠤᠨ᠂ ᠫᠢ ᠵᠢᠶᠠᠩ ᠶᠢᠩᠽᠢ ᠲᠣᠰᠬᠤᠨ᠂ ᠮᠠᠨᠢᠬᠠᠨ ᠲᠣᠰᠬᠤᠨ ᠤ ᠬᠠᠮᠲᠤ ᠶᠢᠨ ᠠᠵᠤ ᠠᠬᠤᠢ ᠴᠥᠮ 40 ᠲᠦᠮᠡᠨ ᠲᠥᠭᠦᠷᠢᠭ ᠢ ᠳᠠᠪᠠᠪᠠ᠃ ︽ᠨᠠᠮ ᠤᠨ ᠪᠠᠶᠢᠭᠤᠯᠤᠯᠲᠠ ᠬᠦᠴᠦᠷᠬᠡᠭᠵᠢᠬᠦ᠂ ᠠᠵᠤ ᠦᠢᠯᠡᠰ ᠬᠥᠭᠵᠢᠬᠦ᠂ ᠣᠯᠠᠨ ᠲᠦᠮᠡᠨ ᠪᠠᠶᠠᠵᠢᠬᠤ︾ ᠬᠠᠷᠠᠯᠲᠠ ᠶᠢ ᠦᠨᠡᠨ ᠬᠦ ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号