ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠢᠬᠠᠨ ᠤ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/24
    ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽ᠮᠢᠬᠠᠨ ᠤ  ᠵᠦᠢᠯ ᠤᠨ  ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠬᠢᠭᠤᠯᠬᠤ ᠬᠤᠷᠠᠯ︾ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠮᠢᠬᠠᠨ ᠤ ᠵᠦᠢᠯ ᠤᠨ  ᠦᠢᠯᠡᠳᠬᠦᠨ ᠤ ᠠᠵᠢᠯ ᠡᠷᠭᠢᠯᠡᠭᠰᠡᠳ ᠤᠨ  ᠦᠢᠯᠡᠳᠪᠦᠷᠢᠯᠡᠯ ᠡᠵᠡᠩᠨᠡᠯᠲᠡ ᠶᠢᠨ  ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠠᠤᠬᠠᠨ ᠬᠤᠰᠢᠭᠤᠨ ᠤ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠰᠢᠶᠠ ᠸᠠ ᠪᠠᠯᠭᠠᠰᠤ᠂ ᠪᠠᠶᠢᠰᠡ ᠶᠢᠨ ᠬᠤᠷᠢᠶ᠎ᠠ ᠪᠠᠯᠭᠠᠰᠤᠨ ᠳᠤ ᠬᠦᠷᠴᠦ ᠮᠢᠬᠠᠨ ᠤ ᠵᠦᠢᠯ ᠤᠨ ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠠᠵᠢᠯᠲᠠᠳ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠢᠨ᠎ᠡ ᠰᠣᠷᠭᠤᠭ ᠮᠢᠬ᠎ᠠ ᠪᠣᠷᠣᠯᠠᠭᠤᠯᠬᠤ ᠳᠡᠯᠭᠡᠭᠦᠷ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ  ᠨᠢᠭᠡᠴᠡ ᠳᠤ ᠭᠦᠨᠵᠡᠭᠡᠶᠢᠷᠡᠵᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠪᠠᠷ ᠭᠠᠷᠳᠠᠴᠠ ᠪᠣᠯᠭᠠᠵᠤ᠂ ᠴᠡᠭ ᠲᠣᠭᠲᠠᠭᠠᠭᠰᠠᠨ ᠥᠬᠡᠶ ᠭᠠᠭ᠋ᠠᠶ ᠨᠢᠲᠤᠯᠬᠤ᠂ ᠬᠢᠵᠢᠭ ᠪᠠᠶᠢᠴᠠᠭᠠᠭᠰᠠᠨ ᠥᠬᠡᠶ ᠭᠠᠭ᠋ᠠᠶ ᠶᠢᠨ ᠪᠦᠲᠦᠭᠡᠭᠳᠡᠬᠦᠨ ᠢ ᠪᠣᠷᠣᠯᠠᠭᠤᠯᠬᠤ᠂ ᠮᠠᠯ ᠵᠢᠭᠦᠷᠲᠡᠨ ᠢ ᠬᠤᠳᠠᠯᠳᠤᠬᠤ ᠳᠤ  ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︾ ᠶᠢ ᠭᠦᠢᠴᠡᠳᠬᠡᠭᠰᠡᠨ ᠦᠭᠡᠢ ᠵᠡᠷᠭᠡ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢᠨ ᠬᠦᠨᠳᠦ ᠨᠣᠴᠢᠲᠠᠶ ᠦᠷ᠎ᠡ ᠳ᠋ᠦᠩ ᠢ ᠨᠠᠷᠢᠨ ᠲᠠᠶᠢᠯᠪᠤᠷᠢᠯᠠᠬᠤ ᠶᠢᠨ ᠬᠠᠮᠲᠤ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠳᠤ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽ᠮᠠᠯ ᠵᠢᠭᠦᠷᠲᠡᠨ ᠢ ᠠᠯᠠᠵᠤ ᠨᠢᠲᠤᠯᠬᠤ ᠮᠡᠳᠡᠭᠳᠡᠯ ᠤᠨ ᠪᠢᠴᠢᠭ ︾᠂ ︽ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠬᠤ ᠦᠢᠯᠡ ᠠᠵᠢᠯᠯᠠᠭ᠎ᠠ ᠶᠢᠨ ᠮᠡᠳᠡᠭᠳᠡᠯ ᠤᠨ ᠪᠢᠴᠢᠭ︾ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠪᠠᠭᠤᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠮᠢᠬᠠᠨ ᠤ ᠲᠥᠷᠥᠯ ᠤᠨ ᠪᠦᠲᠦᠭᠡᠭᠳᠡᠬᠦᠨ ᠤ ᠠᠮᠤᠷ ᠲᠦᠪᠰᠢᠨ ᠤ ᠲᠠᠯ᠎ᠠ ᠶᠢᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ  ᠪᠠᠲᠤᠯᠠᠨ᠎ᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠵᠤ ᠵᠠᠯᠬᠠᠭᠠᠨ ᠰᠢᠢᠳᠬᠡᠬᠦ ᠶᠢ ᠦᠨᠡᠨ ᠬᠦ ᠪᠡᠶᠡᠯᠡᠭᠦᠯᠵᠦ᠂ ᠮᠢᠬᠠᠨ ᠤ ᠲᠥᠷᠥᠯ ᠤᠨ  ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠢᠬᠠᠨ ᠤ ᠲᠥᠷᠥᠯ ᠤᠨ  ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠪᠦᠲᠦᠮᠵᠢᠲᠡᠶ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号