AI ᠣᠶᠤᠨᠴᠢ ᠲᠠᠪᠴᠠᠩ ᠤᠨ ᠠᠷᠠᠳ ᠲᠦᠮᠡᠨ ᠤ ᠡᠷᠡᠭᠦᠯ ᠮᠡᠨᠳᠦ ᠶᠢ ᠡᠭᠦᠳᠦᠨ ᠪᠠᠶᠢᠭᠤᠯᠬᠤ ᠪᠠ ᠠᠤᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/6/24
       ᠣᠶᠢᠷ᠎ᠠ ᠳᠤ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠦᠴᠦᠲᠡᠢ ᠵᠣᠬᠢᠴᠠᠭᠤᠯᠭ᠎ᠠ ᠳᠣᠣᠷ᠎ᠠ᠂ ᠠᠷᠠᠳ ᠤᠨ ᠰᠦᠯᠵᠢᠶᠡᠨ ᠤ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠬᠢᠵᠠᠭᠠᠷᠲᠤ ᠺᠣᠮᠫᠠᠨᠢ ᠪᠣᠯᠣᠨ ᠠᠤᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠣᠶᠤᠨᠴᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠲᠠᠪᠴᠠᠩ︾ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠦᠰᠦᠭ ᠵᠢᠷᠤᠪᠠ᠃ ᠠᠷᠠᠳ ᠤᠨ ᠰᠦᠯᠵᠢᠶ᠎ᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠶᠤᠤ ᠸᠧᠨ ᠴᠤᠤ᠂ ᠬᠠᠨ ᠶᠠ ᠰᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ  ᠢ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
C:\Users\Administrator\Desktop\1.jpg
    ᠠᠷᠠᠳ ᠤᠨ ᠰᠦᠯᠵᠢᠶ᠎ᠡ ᠶᠢᠨ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠺᠣᠮᠫᠠᠨᠢ ᠪᠣᠯ ᠠᠷᠠᠳ ᠤᠨ ᠰᠦᠯᠵᠢᠶ᠎ᠡ ᠶᠢᠨ ︽ᠤᠯᠤᠰ︾ ᠥᠰᠥᠭ ᠤᠨ ᠠᠬᠤᠶ ᠪᠠᠶᠢᠳᠠᠯ ᠤᠨ ᠳᠡᠭᠡᠳᠦ ᠲᠠᠰ ᠤᠨ ᠵᠠᠭᠤᠴᠢᠯᠠᠭᠤᠷ ᠤᠨ ᠲᠠᠪᠴᠠᠩ ᠤᠨ ᠪᠥᠬᠦ ᠬᠦᠴᠦᠨ ᠤ ᠳᠡᠮᠵᠢᠯᠭᠡ ᠳᠣᠤᠷ᠎ᠠ᠂ ᠡᠷᠡᠭᠦᠯ ᠮᠡᠨᠳᠦ ᠬᠢᠭᠡᠳ ᠬᠡᠷᠡᠭᠯᠡᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠬᠠᠨᠳᠤᠭᠤᠯᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠬᠠᠰᠠᠨ ᠴᠢᠬᠤᠯᠠ ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠠᠢ᠂ ᠣᠯᠠᠨ ᠲᠦᠮᠡᠨ ᠤ ᠡᠷᠡᠭᠦᠯ ᠮᠡᠨᠳᠦ ᠶᠢᠨ ᠵᠢᠷᠤᠭ ᠳᠦᠷᠰᠦ ᠪᠠ ᠠᠨᠠᠭᠠᠬᠤ ᠤᠬᠠᠭᠠᠨ ᠤ ᠡᠮᠴᠢᠯᠡᠭᠡᠨ ᠤ ᠮᠡᠳᠡᠭᠡ ᠵᠠᠩᠭᠢ ᠲᠠᠢ ᠪᠠᠶᠢᠵᠤ᠂ ᠲᠣᠮᠣ ᠳ᠋ᠠᠶᠢᠲ᠋ᠠ ᠪᠠ AI ᠲᠡᠷᠢᠭᠦᠨ ᠤ ᠪᠤᠳᠤᠬᠤ ᠠᠷᠭ᠎ᠠ ᠶᠢ ᠬᠡᠷᠡᠭᠯᠡᠨ᠂ ᠣᠶᠤᠨᠴᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡ ᠶᠢ ᠬᠠᠩᠭᠠᠵᠤ᠂ ᠠᠳᠠᠯᠢ ᠪᠤᠰᠤ ᠡᠪᠡᠳᠴᠢᠨ ᠡᠮᠭᠡᠭ ᠤᠨ ᠬᠦᠷᠢᠶᠡᠨ ᠳᠠᠬᠢ ᠡᠷᠬᠡ ᠰᠦᠷᠲᠦ ᠲᠤᠰᠬᠠᠶ ᠮᠡᠷᠭᠡᠵᠢᠯᠲᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ ᠨᠠᠷᠢᠯᠢᠭ ᠨᠠᠶᠢᠷᠠᠭᠤᠯᠬᠤ ᠪᠠ ᠨᠠᠷᠢᠯᠢᠭ  ᠣᠨᠤᠪᠴᠢᠲᠠᠢ ᠪᠠᠷ ᠳᠠᠮᠵᠢᠭᠤᠯᠬᠤ ᠶᠢ ᠪᠡᠶᠡᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃    ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠠᠷᠠᠳ ᠤᠨ ᠰᠦᠯᠵᠢᠶᠡᠨ ᠤ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠺᠣᠮᠫᠠᠨᠢ ᠠᠤᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠠᠢ ᠨᠢᠭᠲᠠ ᠬᠠᠮᠵᠢᠯᠴᠠᠨ᠂ ᠲᠤᠬᠠᠶ ᠶᠢᠨ ᠵᠢᠯ ᠳᠤ ᠠᠤᠬᠠᠨ ᠬᠤᠰᠢᠭᠤᠨ ᠳᠤ 2 ᠲᠦᠮᠡ ᠭᠠᠷᠤᠶ ᠴᠢᠨᠠᠷ ᠰᠠᠶᠢᠲᠠᠶ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠷᠠᠭᠠᠨ ᠳᠠᠪᠲᠠᠮᠵᠢ᠂ ᠮᠡᠳᠡᠭᠡ ᠵᠠᠩᠭᠢ ᠶᠢ ᠦᠨ᠎ᠡ ᠲᠥᠯᠥᠪᠦᠷᠢ ᠥᠬᠡᠶ ᠪᠠᠷ ᠬᠦᠷᠭᠡᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠵᠡᠵᠦ ᠰᠣᠨᠢᠷᠬᠠᠬᠤ ᠶᠢ ᠬᠠᠩᠭᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠣᠯᠠᠨ ᠨᠡᠶᠢᠲᠡ ᠶᠢ ᠬᠠᠪᠰᠤᠷᠤᠨ ᠡᠪᠡᠳᠴᠢᠨ ᠡᠮᠭᠡᠭ ᠢ ᠰᠡᠷᠭᠡᠶᠢᠯᠡᠬᠦ ᠪᠠ ᠡᠮᠨᠡᠨ ᠵᠠᠰᠠᠬᠤ ᠲᠥᠰᠦᠯ ᠢ ᠭᠦᠢᠴᠡᠳ ᠣᠶᠢᠯᠠᠭᠠᠭᠤᠯᠤᠨ᠎ᠠ᠃ ᠠᠷᠠᠳ ᠤᠨ ᠰᠦᠯᠵᠢᠶ᠎ᠡ ᠶᠢᠨ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠺᠣᠮᠫᠠᠨᠢ ᠬᠠᠷᠠᠭᠠᠨ ᠳᠠᠪᠲᠠᠮᠵᠢ᠂ ᠮᠡᠳᠡᠭᠡ ᠵᠠᠩᠭᠢ ᠶᠢᠨ ᠲᠣᠪᠴᠢ ᠶᠢ ᠦᠨᠳᠦᠰᠦᠯᠡᠨ᠂ ᠲᠣᠮᠣ ᠳ᠋ᠠᠶᠢᠲ᠋ᠠ ᠶᠢᠨ ᠪᠤᠳᠤᠬᠤ ᠠᠷᠭ᠎ᠠ ᠶᠢ ᠬᠡᠷᠡᠭᠯᠡᠵᠦ᠂ ᠠᠤᠬᠠᠨ ᠬᠤᠰᠢᠭᠤᠨ ᠤ ᠪᠠᠶᠢᠳᠠᠯ ᠲᠠᠢ ᠤᠶᠠᠯᠳᠤᠭᠤᠯᠤᠨ ᠮᠡᠳᠡᠭᠡ ᠵᠠᠩᠭᠢ ᠲᠣᠭᠲᠠᠭᠠᠵᠤ ᠬᠦᠷᠭᠡᠬᠦ ᠪᠣᠯᠤᠨ᠎ᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠣᠲᠣ ᠨᠢᠭᠡᠨᠲᠡ ᠸᠢᠴᠠᠲ ᠤᠨ ᠨᠡᠶᠢᠲᠡ ᠶᠢᠨ ᠳ᠋ᠤᠭᠠᠷ ︽ᠳᠤᠮᠳᠠᠳᠤ ᠤᠯᠤᠰ ᠤᠨ ᠠᠤᠬᠠᠨ︾᠂ ᠠᠤᠬᠠᠨ ᠤ ᠬᠠᠮ ᠵᠠᠭᠤᠴᠢᠯᠠᠭᠤᠷ ᠤᠨ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠲᠤ ︽ᠡᠷᠡᠭᠦᠯ ᠰᠠᠷᠠᠭᠤᠯ ᠠᠮᠢᠳᠤᠷᠠᠯ︾ ᠤᠨ ᠲᠤᠰᠬᠠᠶ ᠪᠤᠯᠤᠩ ᠭᠠᠷᠭᠠᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠢ ᠭᠥᠯᠢᠶᠡᠨ ᠠᠪᠬᠤ ᠶᠢᠨ ᠬᠠᠮᠲᠤ ᠲᠠᠯᠪᠢᠵᠤ ᠪᠠᠶᠢᠨ᠎ᠠ᠃
C:\Users\Administrator\Desktop\2.jpg
    ᠬᠡᠯᠡᠯᠴᠡᠭᠡᠷ ᠢ ᠦᠨᠳᠦᠰᠦᠯᠡᠪᠡᠯ᠂ ᠲᠠᠷᠠᠭᠠᠴᠢ ᠶᠢᠨ ᠠᠯᠬᠤᠮ ᠳᠤ ᠠᠷᠠᠳ ᠤᠨ ᠰᠦᠯᠵᠢᠶᠡᠨ ᠤ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠺᠣᠮᠫᠠᠨᠢ ᠠᠤᠬᠠᠨ ᠬᠤᠰᠢᠭᠤᠨ ᠨᠢ ᠪᠡᠭᠡᠵᠢᠩ ᠴᠢᠨᠠᠭᠰᠢᠯᠠᠪᠠᠯ ᠪᠥᠬᠦ ᠤᠯᠤᠰ ᠤᠨ ᠡᠪᠡᠳᠴᠢᠨ ᠦᠵᠡᠭᠦᠯᠵᠦ ᠰᠢᠯᠵᠢᠭᠦᠯᠦᠨ ᠡᠮᠨᠡᠭᠦᠯᠬᠦ ᠮᠡᠳᠡᠭᠡ ᠵᠠᠩᠭᠢ ᠶᠢᠨ ᠦᠢᠯᠡᠴᠢᠯᠡᠭᠡ ᠶᠢ ᠬᠠᠩᠭᠠᠵᠤ᠂ ᠠᠤᠬᠠᠨ ᠤ ᠣᠯᠠᠨ ᠲᠦᠮᠡᠨ ᠢ ᠬᠠᠪᠰᠤᠷᠤᠨ ᠡᠪᠡᠳᠴᠢᠨ ᠤ ᠪᠠᠶᠢᠳᠠᠯ ᠢ ᠦᠨᠳᠦᠰᠦᠯᠡᠨ ᠲᠦᠷᠭᠡᠨ ᠣᠷᠣᠨ ᠲᠣᠭᠲᠠᠭᠠᠯᠭᠠᠵᠤ᠂ ᠣᠯᠠᠨ ᠲᠦᠮᠡᠨ ᠤ ᠰᠢᠯᠵᠢᠭᠦᠯᠦᠨ ᠡᠮᠨᠡᠭᠦᠯᠬᠦ ᠳᠤ ᠲᠦᠢᠯ ᠤᠨ ᠶᠡᠭᠡ ᠲᠥᠬᠦᠮ ᠦᠵᠡᠭᠦᠯᠬᠦ ᠪᠣᠯᠤᠨ᠎ᠠ᠃    ᠵᠠᠩ ᠢ ᠬᠤᠷᠠᠯ ᠳᠡᠭᠡᠷ᠎ᠡ᠂ ᠲᠣᠰ ᠤᠳᠠᠭᠠᠨ ᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠵᠠᠰᠠᠭ ᠤᠨ ᠣᠷᠳᠣᠨ ᠢᠶᠠᠷ ᠭᠤᠤᠯᠯᠠᠭᠤᠯᠬᠤ ᠪᠠ ᠵᠠᠬ᠎ᠠ ᠳᠡᠯᠭᠡᠭᠦᠷ ᠤᠨ ᠠᠵᠢᠯᠯᠠᠭᠠᠨ ᠢ ᠤᠶᠠᠯᠳᠤᠭᠤᠯᠬᠤ ᠳᠠᠪᠠᠭᠤᠯᠢᠭ ᠢ ᠬᠠᠮᠲᠤ ᠪᠠᠷ ᠪᠠᠳᠠᠷᠠᠭᠤᠯᠵᠤ᠂ ᠣᠷᠳᠣ ᠬᠤᠭᠤᠴᠠᠭᠠᠨ ᠤ᠂ ᠲᠣᠭᠲᠠᠭᠤᠨ᠂ ᠬᠠᠮᠲᠤ ᠪᠠᠷ ᠠᠰᠢᠭ ᠭᠥᠷᠳᠡᠬᠦ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠬᠤᠶᠠᠷ ᠲᠠᠯ᠎ᠠ ᠶᠢᠨ ᠶᠡᠭᠡ ᠡᠷᠡᠭᠦᠯ ᠮᠡᠨᠳᠦ ᠶᠢᠨ ᠬᠦᠷᠢᠶᠡᠨ ᠳᠠᠬᠢ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠥᠷᠭᠡᠳᠬᠡᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ  ᠭᠡᠵᠦ ᠴᠢᠬᠤᠯᠠᠴᠢᠯᠠᠪᠠ᠃    ᠲᠣᠰ ᠤᠳᠠᠭᠠᠨ ᠤ ᠭᠡᠷ᠎ᠡ ᠲᠣᠭᠲᠠᠭᠰᠠᠨ ᠨᠢ ᠠᠤᠬᠠᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠶᠡᠬᠡᠪᠡᠷ ᠬᠥᠭᠵᠢᠭᠡᠵᠦ᠂ ᠲᠤᠬᠠᠶ ᠶᠢᠨ ᠭᠠᠵᠠᠷ ᠤᠨ ᠡᠷᠡᠭᠦᠯ ᠮᠡᠨᠳᠦ ᠶᠢᠨ ᠡᠮᠴᠢᠯᠡᠭᠡᠨ ᠤ  ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号