ᠾᠦᠢ ᠵᠧᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ︽ᠲᠠᠪᠤᠨ ᠲᠦᠷᠦᠯ ᠤᠨ ᠬᠢᠴᠢᠶᠡᠯ︾ ᠤᠨ ᠦᠵᠡᠯ ᠰᠠᠨᠠᠭ᠎ᠠ ᠶᠢ ᠦᠨᠳᠦᠰᠦᠲᠡᠨ ᠤ ᠪᠦᠯᠬᠦᠮᠳᠡᠯ ᠤᠨ ᠰᠡᠳᠬᠢᠯ ᠳᠤ  ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2024/6/25
    ᠾᠦᠢ ᠵᠧᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠥᠮᠦᠨ ᠤ ᠶᠣᠰᠣᠭᠠᠷ ᠵᠢᠭᠠᠨ ᠰᠤᠷᠭᠠᠵᠤ᠂ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠨ ︽ᠲᠠᠪᠤᠨ ᠲᠦᠷᠦᠯ ᠤᠨ ᠬᠢᠴᠢᠶᠡᠯ︾ ᠢ ᠨᠡᠭᠡᠭᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠪᠠ᠃    ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠤ ᠬᠠᠨᠳᠤᠭᠤᠯᠤᠨ᠂ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠳᠤ ᠲᠦᠰᠢᠭᠯᠡᠨ ︽ᠪᠢᠴᠢᠯ ᠨᠠᠮ ᠤᠨ ᠬᠢᠴᠢᠶᠡᠯ︾  ᠢ  ᠨᠡᠭᠡᠭᠡᠪᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ︽ᠳᠠᠭᠠᠭᠤᠯᠤᠨ ᠰᠤᠷᠤᠯᠴᠠᠬᠤ︾᠂ ᠱᠦᠵᠢ ᠶᠢᠨ ︽ᠰᠤᠷᠤᠯᠴᠠᠯᠭ᠎ᠠ ᠶᠠᠷᠢᠬᠤ︾᠂ ᠺᠠᠳ᠋ᠷᠴᠤᠳ ᠤᠨ ︽ᠰᠤᠳᠤᠯᠤᠨ ᠰᠤᠷᠤᠯᠴᠠᠬᠤ︾ ︽ᠭᠤᠷᠪᠠ ᠶᠢ ᠰᠤᠷᠤᠯᠴᠠᠬᠤ︾ ᠲᠣᠭᠲᠠᠴᠠ ᠶᠢ ᠪᠠᠶᠢᠭᠤᠯᠵᠤ᠂  ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠣᠳᠣᠬᠠᠨ ᠳᠤ ᠨᠢᠭᠡᠨᠲᠡ 6 ᠬᠤᠭᠤᠴᠠᠭᠠᠨ ᠤ ︽ᠪᠢᠴᠢᠯ ᠨᠠᠮ ᠤᠨ ᠬᠢᠴᠢᠶᠡᠯ︾ ᠢ ᠥᠷᠨᠢᠭᠦᠯᠵᠦ᠂ ᠪᠦᠬᠦ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷᠴᠤᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽ᠤᠬᠠᠭᠤᠯᠤᠭᠴᠢ︾ ᠪᠣᠯᠭᠠᠨ ᠬᠥᠮᠥᠵᠢᠭᠦᠯᠪᠡ᠃    ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠬᠡᠦᠬᠡᠳ ᠲᠤ ᠬᠠᠨᠳᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠰᠢᠭᠯᠡᠨ ︽ᠠᠨᠠᠷ ᠬᠢᠴᠢᠶᠡᠯ ᠤᠨ ᠲᠠᠩᠬᠢᠮ︾ ᠢ ᠨᠡᠭᠡᠭᠡᠪᠡ᠃ ᠵᠠᠯᠠᠭᠤ ᠣᠶᠤᠲᠠᠨ ᠰᠠᠶᠢᠨ ᠳᠤᠷᠠᠴᠤᠳ ᠪᠣᠯᠤᠨ ︽ᠲᠠᠪᠤᠨ ᠨᠠᠰᠤᠲᠠᠨ︾ ᠤ 90 ᠭᠠᠷᠤᠶ ᠬᠥᠮᠦᠰ ᠢ ᠵᠣᠬᠢᠶᠠᠨ ᠪᠠᠶᠢᠭᠤᠯᠵᠤ᠂ ᠨᠣᠮ ᠤᠩᠰᠢᠵᠤ ᠬᠤᠪᠢᠶᠠᠯᠴᠠᠬᠤ᠂ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ ᠪᠦᠲᠦᠭᠡᠯᠭᠡ᠂ ᠦᠢᠯᠡᠳᠦᠯᠭᠡ ᠶᠢᠨ ᠣᠶᠢᠯᠠᠭᠠᠯᠲᠠ ᠵᠡᠷᠭᠡ ᠠᠷᠭ᠎ᠠ ᠮᠠᠶ᠋ᠢᠭ ᠢᠶᠠᠷ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠤᠯᠴᠠᠭᠤᠯᠵᠤ᠂ ᠣᠳᠣᠬᠠᠨ ᠳᠤ ᠨᠢᠭᠡᠨᠲᠡ 60 ᠭᠠᠷᠤᠶ ᠬᠤᠭᠤᠴᠠᠭᠠᠨ ᠤ ︽ᠠᠨᠠᠷ ᠤᠨ ᠬᠢᠴᠢᠶᠡᠯ ᠤᠨ ᠲᠠᠩᠬᠢᠮ︾ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠬᠡᠦᠬᠡᠳ ᠤᠨ ᠳᠤᠮᠳᠠᠳᠤ ᠶᠢᠨ ᠰᠣᠶᠣᠯ ᠢ ᠮᠡᠳᠡᠷᠡᠬᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠪᠠ᠃    ᠦᠨᠳᠦᠰᠦᠲᠡᠨ ᠨᠦᠭᠦᠳ ᠤᠨ ᠨᠠᠰᠤᠲᠠᠶᠢᠴᠤᠳ ᠤᠨ ᠬᠠᠮᠲᠤᠯᠢᠭ ᠲᠤ ᠬᠠᠨᠳᠤᠭᠤᠯᠤᠨ᠂ ᠪᠠᠭ᠎ᠠ ᠲᠣᠭᠤᠷᠢᠭ ᠤᠨ ᠬᠦᠷᠢᠶ᠎ᠡ ᠬᠠᠰᠢᠶ᠎ᠠ ᠶᠢ ᠠᠰᠢᠭᠯᠠᠨ ︽ᠰᠠᠨᠳᠠᠯᠢ ᠳᠡᠭᠡᠷᠡᠬᠢ ᠬᠢᠴᠢᠶᠡᠯ ᠤᠨ ᠲᠠᠩᠬᠢᠮ︾ ᠢ ᠨᠡᠬᠡᠭᠡᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠵᠠᠩ ᠳᠠᠳᠬᠠᠯ᠂ ᠳᠡᠷᠭᠡᠳᠡᠬᠢ ᠥᠯᠢᠭᠡᠷ ᠲᠠᠢ ᠤᠶᠠᠯᠳᠤᠭᠤᠯᠤᠨ᠂ ᠦᠨᠳᠦᠰᠦᠲᠡᠨ ᠤ ᠵᠠᠩ ᠳᠠᠳᠬᠠᠯ ᠤᠯᠠᠮᠵᠢᠯᠠᠯᠲᠤ ᠰᠣᠶᠣᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠣᠯᠠᠨ ᠳᠤ ᠬᠤᠪᠢᠶᠠᠯᠴᠠᠵᠤ᠂ ᠣᠳᠣᠬᠠᠨ ᠳᠤ ᠨᠢᠭᠡᠨᠲᠡ 9 ᠬᠤᠭᠤᠴᠠᠭᠠᠨ ᠤ ︽ᠰᠠᠨᠳᠠᠯᠢ ᠳᠡᠭᠡᠷᠡᠬᠢ ᠬᠢᠴᠢᠶᠡᠯ ᠤᠨ ᠲᠠᠩᠬᠢᠮ︾ ᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠤᠯᠠᠮ ᠨᠢᠭᠡ ᠠᠯᠬᠤᠮ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠬᠠᠶᠢᠷ᠎ᠠ ᠰᠡᠳᠬᠢᠯᠭᠡ ᠶᠢ ᠨᠢ ᠨᠡᠮᠡᠭᠳᠡᠭᠦᠯᠪᠡ᠃    ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠬᠠᠨᠳᠤᠵᠤ᠂ 2 ᠨᠡᠶᠢᠭᠡᠮ ᠲᠣᠭᠤᠷᠢᠭ ᠤᠨ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢ ᠠᠰᠢᠭᠯᠠᠨ᠂ ︽ᠤᠷᠠᠯᠢᠭ ᠤᠨ ᠰᠡᠳᠬᠢᠯ ᠢᠶᠠᠨ ᠨᠢᠭᠡᠳᠬᠡᠬᠦ ᠬᠢᠴᠢᠶᠡᠯ ᠤᠨ ᠲᠠᠩᠬᠢᠮ︾ ᠢ ᠨᠡᠬᠡᠭᠡᠪᠡ᠃ ᠳᠠᠭᠤᠤ ᠪᠥᠵᠢᠭ᠂ ᠦᠵᠡᠭᠳᠡᠯᠲᠦ ᠵᠦᠴᠦᠭᠡ ᠵᠡᠷᠭᠡ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠡᠷᠭᠡᠳᠡ ᠬᠦᠷᠭᠡᠵᠦ᠂ ᠣᠳᠣᠬᠠᠨ ᠳᠤ ᠨᠢᠭᠡᠨᠲᠡ 13 ᠬᠤᠭᠤᠴᠠᠭᠠᠨ ᠤ ︽ᠤᠷᠠᠯᠢᠭ ᠤᠨ ᠰᠡᠳᠬᠢᠯ ᠢᠶᠠᠨ ᠨᠢᠭᠡᠳᠬᠡᠬᠦ ᠬᠢᠴᠢᠶᠡᠯ ᠤᠨ ᠲᠠᠩᠬᠢᠮ︾ ᠢ ᠥᠷᠨᠢᠭᠦᠯᠵᠦ᠂ ︽  ᠭᠤᠷᠪᠠ ᠰᠠᠯᠬᠤ ᠥᠬᠡᠶ ᠪᠠᠶᠢᠬᠤ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾ ᠶᠢᠨ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠤᠯᠠᠮ ᠨᠢᠭᠡ ᠠᠯᠬᠤᠮ ᠬᠠᠳᠠᠩᠰᠢᠭᠤᠯᠪᠠ᠃    ᠪᠥᠬᠦ ᠰᠠᠭᠤᠭᠠᠯᠢ ᠠᠷᠠᠳ ᠲᠤ ᠬᠠᠨᠳᠤᠭᠤᠯᠤᠨ᠂ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠲᠤᠰᠬᠠᠶ ᠪᠤᠯᠤᠩ ᠢ ᠠᠰᠢᠭᠯᠠᠨ᠂ ︽ᠡᠭᠦᠯᠡᠨ ᠬᠢᠴᠢᠶᠡᠯ ᠤᠨ ᠲᠠᠩᠬᠢᠮ︾ ᠢ ᠨᠡᠬᠡᠭᠡᠪᠡ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠡᠶᠢᠲᠡᠯᠢᠭ ᠥᠯᠢᠭᠡᠷ᠂ ᠨᠣᠮ ᠤᠩᠰᠢᠭᠰᠠᠨ ᠣᠯᠤᠯᠲᠠ᠂ ᠭᠠᠷ ᠤᠷᠠᠯᠠᠯ ᠤᠨ ᠪᠦᠲᠦᠭᠡᠯ ᠵᠡᠷᠭᠡ ᠠᠭᠤᠯᠭ᠎ᠠ ᠶᠢ ᠨᠡᠶᠢᠲᠡᠯᠡᠵᠦ᠂ ᠣᠳᠣᠬᠠᠨ ᠳᠤ ᠨᠢᠭᠡᠨᠲᠡ 70 ᠭᠠᠷᠤᠶ ᠬᠤᠪᠢ ᠲᠤᠰᠬᠠᠶ ᠪᠤᠯᠤᠩ ᠨᠡᠶᠢᠲᠡᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠤᠯᠠᠮ ᠨᠢᠭᠡ ᠠᠯᠬᠤᠮ ᠰᠠᠶᠢᠲᠤᠷ ᠶᠠᠷᠢᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号